ᠬᠤᠪᠢ ᠬᠥᠮᠥᠨ ᠤ ᠵᠥᠪᠰᠢᠶᠡᠷᠡᠯ ᠢ ᠣᠯᠬᠤ ᠬᠡᠷᠡᠭᠲᠡᠢ
ᠨᠡᠶᠢᠲᠡᠯᠡᠭᠰᠡᠨ ᠴᠠᠭ᠄
2023/1/3
   ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂  ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠣᠶᠢᠷ᠎ᠠ ᠳᠤ ︽ᠢᠨᠲ᠋ᠧᠷ ᠰᠦᠯᠵᠢᠶᠡᠨ ᠤ ᠮᠡᠳᠡᠭᠡ ᠵᠠᠩᠭᠢ ᠵᠢᠨ‌ᠨᠠᠷᠢᠯᠢᠭ ᠨᠡᠶᠢᠳᠭᠡᠬᠦ ᠦᠢᠯᠡᠴᠢᠯᠡᠭᠡ ᠶᠢᠨ ᠬᠠᠮᠢᠶᠠᠷᠣᠯᠳᠠ ᠶᠢᠨ ᠲᠣᠭᠲᠠᠭᠠᠯ︾ ᠢ ᠨᠡᠶᠢᠲᠡᠯᠡᠪᠡ᠃ ᠡᠭᠦᠨ ᠳᠤ᠂ ᠨᠠᠷᠢᠯᠢᠭ ᠨᠡᠶᠢᠳᠭᠡᠬᠦ ᠦᠢᠯᠡᠴᠢᠯᠡᠭᠡ ᠬᠠᠩᠭᠠᠭᠴᠢ ᠪᠠ ᠮᠡᠷᠭᠡᠵᠢᠯ ᠤᠨ ᠳᠡᠮᠵᠢᠭᠴᠢ ᠠᠴᠠ ᠬᠥᠮᠥᠨ ᠤ ᠴᠢᠷᠠᠢ᠂  ᠬᠥᠮᠥᠨ ᠤ ᠲᠠᠭᠤ ᠵᠡᠷᠭᠡ ᠠᠮᠢᠳᠤ ᠪᠣᠳᠠᠰ ᠤᠨ ᠢᠯᠭᠠᠨ ᠲᠠᠨᠢᠬᠤ ᠮᠡᠳᠡᠭᠡ ᠵᠠᠩᠭᠢ ᠶᠢᠨ ᠨᠠᠶᠢᠷᠠᠭᠤᠯᠬᠤ ᠴᠢᠳᠠᠮᠵᠢ ᠶᠢ ᠬᠠᠩᠭᠠᠭᠰᠠᠨ ᠪᠠᠶᠢᠪᠠᠯ᠂  ᠨᠠᠷᠢᠯᠢᠭ ᠨᠡᠶᠢᠳᠭᠡᠬᠦ ᠦᠢᠯᠡᠴᠢᠯᠡᠭᠡ ᠬᠡᠷᠡᠭᠯᠡᠭᠴᠢ ᠠᠴᠠ ᠨᠠᠶᠢᠷᠠᠭᠤᠯᠤᠭᠳᠠᠭᠰᠠᠨ ᠬᠤᠪᠢ ᠬᠥᠮᠥᠨ ᠳᠤ  ᠬᠠᠤᠯᠢ  ᠶᠣᠰᠣᠭᠠᠷ ᠮᠡᠳᠡᠭᠳᠡᠬᠦ ᠶᠢᠨ ᠬᠠᠮᠲᠤ ᠲᠡᠭᠦᠨ ᠤ ᠲᠣᠰᠬᠠᠢ ᠵᠥᠪᠰᠢᠶᠡᠷᠡᠯ  ᠢ ᠣᠯᠬᠤ ᠶᠢ ᠰᠠᠨᠠᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃      
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋