ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠢᠨ᠎ᠡ ᠲᠥᠰᠦᠯ ᠢ ᠨᠡᠶᠢᠲᠡᠯᠡᠪᠡ︕
ᠨᠡᠶᠢᠲᠡᠯᠡᠭᠰᠡᠨ ᠴᠠᠭ᠄
2023/1/3
    27 ᠤ  ᠡᠳᠦᠷ᠂  ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠬᠢᠵᠢᠭ ᠤᠨ ᠪᠠᠶᠢᠳᠠᠯ ᠢ ᠬᠤᠯᠪᠣᠭᠠᠯᠠᠨ  ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠴᠠᠭᠠᠨ ᠰᠠᠷ᠎ᠠ ᠶᠢᠨ ᠵᠦᠭᠡᠭᠡᠪᠤᠷᠢ ᠶᠢᠨ ᠠᠵᠢᠯ ᠤᠨ ᠲᠤᠰᠬᠠᠶ ᠪᠠᠭ ︽2023 ᠣᠨ ᠤ ᠴᠠᠭᠠᠨ ᠰᠠᠷ᠎ᠠ ᠶᠢᠨ ᠶᠡᠭᠡ ᠵᠦᠭᠡᠭᠡᠪᠤᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠦᠭᠡᠭᠡᠪᠤᠷᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠶᠡᠷᠦᠩᠬᠡᠶ  ᠠᠵᠢᠯ ‍ᠤᠨ‌‍ᠲ᠋ᠥ᠋ᠰᠦᠯ︾ ᠢ ᠳᠠᠷᠤᠮᠠᠯᠯᠠᠨ ᠲᠠᠷᠬᠠᠭᠠᠪᠠ᠃             2023 ᠣᠨ ᠤ ᠶᠡᠭᠡ ᠵᠦᠭᠡᠭᠡᠪᠤᠷᠢ  ᠶᠢᠨ ᠴᠠᠭᠠᠨ ᠰᠠᠷ᠎ᠠ ᠶᠢᠨ ᠵᠥᠭᠡᠭᠡᠪᠦᠷᠢ 1 ᠰᠠᠷ᠎ᠠ ᠶᠢᠨ 7 ᠤ  ᠡᠳᠦᠷ ᠡᠴᠠ‌ᠡᠬᠢᠯᠡᠵᠦ᠂ 2 ᠰᠠᠷ᠎ᠠ ᠶᠢᠨ 15 ᠤ ᠡᠳᠦᠷ ᠰᠡᠭᠦᠯ ᠬᠤᠷᠢᠶᠠᠨ᠎ᠠ᠂  ᠨᠡᠶᠢᠲᠡ 40 ᠡᠳᠦᠷ  ᠪᠣᠯᠤᠨ᠎ᠠ᠃  ︽ᠲᠥᠰᠦᠯ︾ ‍ᠤᠨ‌ᠭᠤᠣᠯᠳᠠᠯᠭ᠎ᠠ ᠨᠢ ᠳᠣᠣᠷᠠᠬᠢ ᠮᠡᠲᠦ᠄ 2023 ᠣᠨ ᠤ  ᠴᠠᠭᠠᠨ ᠰᠠᠷ᠎ᠠ ᠶᠢᠨ ᠵᠥᠭᠡᠭᠡᠪᠦᠷᠢ ᠳᠤ ᠰᠢᠨ᠎ᠡ ᠪᠠᠶᠢᠳᠠᠯ ᠰᠢᠨ᠎ᠡ ᠬᠤᠪᠢᠷᠠᠯᠲᠠ ᠲᠤᠯᠭᠠᠷᠠᠪᠠ            ᠨᠢᠭᠡ ᠳᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠶᠠᠨᠴᠢᠳ ᠤᠨ ᠤᠷᠤᠰᠬᠠᠯ ᠳᠤᠤᠷ᠎ᠠ ᠪᠠᠶᠢᠷᠢ ᠠᠴᠠ ᠲᠦᠷᠭᠡᠨ ᠳᠡᠭᠡᠭᠰᠢᠯᠡᠵᠦ᠂ ᠠᠶᠠᠨᠴᠢᠳ ᠤᠨ ᠤᠷᠤᠰᠬᠠᠯ ᠤᠨ ᠶᠡᠷᠦᠩᠬᠡᠶ ᠬᠡᠮᠵᠢᠶ᠎ᠡ ᠶᠡᠭᠡ  ᠪᠠᠷ ᠨᠡᠮᠡᠭᠳᠡᠵᠦ ᠮᠡᠳᠡᠨ᠎ᠡ︔               ᠬᠤᠶᠠᠷ ᠲᠤ᠂ ᠡᠨᠧᠷᠭᠢ ᠶᠢᠨ ᠰᠤᠷᠪᠤᠯᠵᠢ᠂ ᠠᠮᠤ ᠪᠤᠳᠠᠭ᠎ᠠ ᠵᠡᠷᠭᠡ ᠭᠤᠣᠯᠳᠠᠯᠭ᠎ᠠ ᠲᠠᠢ ᠡᠳ᠋ ᠪᠣᠳᠠᠰ ᠵᠢᠴᠢ ᠡᠮ ᠡᠮᠨᠡᠯᠭᠡ᠂ ᠠᠷᠠᠳ ᠤᠨ ᠠᠮᠢᠳᠤᠷᠠᠯ ᠵᠡᠷᠭᠡ ᠡᠳ᠋ ᠪᠣᠳᠠᠰ ᠤᠨ ᠲᠡᠭᠡᠭᠡᠪᠦᠷᠢ ᠶᠢᠨ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ︔               ᠭᠤᠷᠪᠠ ᠳᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠬᠥᠮᠦᠨ ᠬᠠᠷ᠎ᠠ ᠨᠠᠰᠢ ᠴᠠᠰᠢ ᠵᠤᠷᠴᠢᠵᠦ᠂ ᠪᠠᠷᠠᠭᠠᠨ‌‍ᠤ ᠵᠥᠭᠡᠭᠡᠪᠦᠷᠢ ᠶᠢᠨ ᠠᠵᠢᠯᠯᠠᠭ᠎ᠠ ᠣᠯᠠᠰᠢᠷᠠᠵᠤ᠂  ᠬᠥᠮᠦᠨ ᠬᠠᠷ᠎ᠠ ᠰᠦᠯᠵᠢᠯᠳᠦᠵᠤ᠂  ᠵᠠᠮ ᠲᠡᠭᠡᠭᠡᠪᠦᠷᠢ ᠶᠢᠨ ᠠᠵᠢᠯᠲᠠᠨ  ᠳᠤ ᠬᠢᠵᠢᠭ ᠬᠠᠯᠳᠠᠪᠤᠷᠢᠯᠠᠬᠤ ᠠᠶᠤᠯ ᠲᠦᠭᠰᠢᠭᠦᠷᠢ ᠶᠡᠭᠡ ᠪᠠᠶᠢᠨ᠎ᠠ︔              ᠲᠦᠷᠪᠡ ᠳᠤ᠂ ᠵᠠᠮ ᠲᠡᠭᠡᠭᠡᠪᠦᠷᠢ ᠶᠢᠨ ᠤᠷᠳᠤ ᠬᠤᠭᠤᠴᠠᠭᠠᠨ ᠤ ᠠᠴᠢᠶ᠎ᠠ ᠪᠠᠭ᠎ᠠ ᠲᠠᠢ ᠠᠵᠢᠯᠯᠠᠭ᠎ᠠ᠂ ᠲᠤᠨᠤᠭ ᠲᠥᠬᠦᠭᠡᠷᠦᠮᠵᠢ ᠪᠠ ᠠᠵᠢᠯᠳᠠᠨ ᠤ ᠪᠠᠲᠤᠯᠠᠭ᠎ᠠ ᠶᠢᠨ ᠠᠮᠤᠷ ᠲᠦᠪᠰᠢᠨ ᠤ ᠲᠠᠯᠳᠠ ᠭᠡᠮ ᠨᠡᠮᠡᠭᠳᠡᠵᠦ ᠪᠠᠶᠢᠨ᠎ᠠ᠂ ᠬᠡᠷᠪᠡ ᠬᠠᠮᠢᠶᠠᠷᠤᠯᠲᠠ ᠭᠦᠢᠴᠡᠳ ᠪᠢᠰᠢ ᠪᠣᠯ ᠵᠠᠮ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠠᠳᠡᠯ ᠠᠮᠠᠷᠬᠠᠨ ᠤᠯᠠᠨ ᠡᠭᠦᠰᠴᠦ ᠮᠡᠳᠡᠨ᠎ᠠ᠃              ︽ᠲᠥᠰᠦᠯ︾ ᠳᠤ᠄  ᠶᠡᠭᠡ ᠵᠦᠭᠡᠭᠡᠪᠤᠷᠢ ᠶᠢᠨ ᠴᠠᠭᠠᠨ ᠰᠠᠷ᠎ᠠ ᠶᠢᠨ ᠵᠦᠭᠡᠭᠡᠪᠤᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠦᠭᠡᠭᠡᠪᠤᠷᠢ ᠶᠢᠨ ᠣᠶᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠨᠧᠷᠭᠢ᠂ ᠠᠮᠤ ᠪᠤᠳᠠᠭ᠎ᠠ  ᠵᠡᠷᠭᠡ ᠭᠤᠤᠯᠳᠠᠯᠭ᠎ᠠ ᠲᠠᠢ ᠡᠳ᠋ ᠪᠣᠳᠠᠰ ᠵᠢᠴᠢ ᠡᠮᠴᠢᠯᠡᠭᠡ᠂ ᠠᠷᠠᠳ ᠤᠨ ᠠᠮᠢᠳᠤᠷᠠᠯ ᠵᠡᠷᠭᠡ ᠡᠳ᠋ ᠪᠣᠳᠠᠰ ᠤᠨ ᠵᠦᠭᠡᠭᠡᠪᠤᠷᠢ ᠶᠢᠨ ᠪᠦᠳᠦᠮᠵᠢ ᠰᠠᠶᠢᠲᠠᠢ ᠪᠥᠭᠡᠳ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠵᠤ᠂ ᠠᠷᠭ᠎ᠠ ᠪᠦᠬᠦᠨ ᠢ ᠰᠦᠪᠡᠭᠴᠢᠯᠡᠵᠦ  ᠪᠠᠶᠢᠭᠠᠳ ᠠᠶᠠᠨᠴᠢᠳ ᠤᠨ  ᠭᠠᠳᠠᠭᠰᠢ ᠭᠠᠷᠬᠤ‌ᠡᠬᠢᠯᠡᠯᠲᠡ ᠶᠢᠨ  ᠴᠡᠭ ᠠᠴᠠ  ᠡᠴᠦᠰ ᠤᠨ ᠴᠡᠭ ᠬᠦᠷᠲᠡᠯᠡᠬᠢ ᠪᠥᠬᠦ ᠬᠡᠯᠬᠢᠶ᠎ᠡ᠂  ᠡᠯ᠎ᠡ ᠭᠤᠭᠴᠤᠭ᠎ᠠ ᠶᠢ ᠨᠡᠪᠲᠡᠷᠡᠭᠦᠯᠵᠦ᠂ᠠᠶᠠᠨᠴᠢᠳ ᠤᠨ ᠠᠮᠤᠷ ᠲᠦᠪᠰᠢᠨ ᠠᠶᠠᠯᠠᠯ ᠢ ᠦᠨᠡᠨ ᠬᠦ ᠪᠠᠲᠤᠯᠠᠬᠤ ᠬᠡᠷᠡᠭᠲᠡᠶ᠃
ᠢᠷᠡᠯᠲᠡ᠄ ᠠᠷᠠᠳ ᠤᠨ ᠰᠦᠯᠵᠢᠶ᠎ᠡ