2023 ᠣᠨ ᠤ ᠪᠥᠬᠦ ᠤᠯᠤᠰ ᠤᠨ ᠬᠤᠶᠠᠷ ᠬᠤᠷᠠᠯ ᠢ ᠬᠤᠷᠠᠯᠳᠤᠬᠤ ᠴᠠᠭ ᠢ ᠲᠣᠭᠲᠠᠯ᠎ᠠ︕
ᠨᠡᠶᠢᠲᠡᠯᠡᠭᠰᠡᠨ ᠴᠠᠭ᠄
2023/1/3
       ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠠᠴᠠ12  ᠰᠠᠷ᠎ᠠ ᠶᠢᠨ 30 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ  ᠬᠤᠷᠠᠯ ᠢ  ᠬᠤᠷᠠᠯᠳᠤᠭᠤᠯᠬᠤ ᠲᠤᠬᠠᠢ ᠲᠣᠭᠲᠠᠭᠠᠯ ᠢ ᠪᠠᠲᠤᠯᠠᠪᠠ᠃ ᠲᠣᠭᠲᠠᠭᠠᠯ ᠢ ᠦᠨᠳᠦᠰᠦᠯᠡᠪᠡᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ‍ᠤᠨ‌‍ᠶᠡᠭᠡ ᠬᠤᠷᠠᠯ ᠤᠨ ᠠᠩᠬᠠᠳᠤᠭᠠᠷ ᠬᠤᠷᠠᠯ ᠢ 2023 ᠣᠨ ᠤ 3 ᠰᠠᠷ᠎ᠠ ᠶᠢᠨ 5 ᠤ ᠡᠳᠦᠷ ᠪᠡᠭᠡᠵᠢᠩ ᠳᠤ ᠬᠤᠷᠠᠯᠳᠤᠭᠤᠯᠤᠨ᠎ᠠ᠃               ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠲᠦᠷᠦᠭᠦᠬᠡᠨ ᠲᠡᠷᠢᠭᠦᠯᠡᠭᠴᠢᠳ ᠤᠨ ᠬᠤᠷᠠᠯ ᠬᠤᠷᠠᠯᠳᠤᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠶᠢᠨ ᠠᠩᠬᠠᠳᠤᠭᠠᠷ ᠬᠤᠷᠠᠯ ᠢ 2023 ᠣᠨ ᠤ 3 ᠰᠠᠷ᠎ᠠ ᠶᠢᠨ 4 ᠤ ᠡᠳᠦᠷ ᠪᠡᠭᠡᠵᠢᠩ ᠳᠤ ᠬᠤᠷᠠᠯᠳᠤᠭᠤᠯᠬᠤ ᠪᠠᠷ ᠰᠠᠨᠠᠭᠠᠴᠢᠯᠠᠪᠠ᠃
ᠢᠷᠡᠯᠲᠡ᠄ ᠠᠷᠠᠳ ᠤᠨ ᠰᠦᠯᠵᠢᠶ᠎ᠡ