ᠲᠥᠯᠥᠭᠡᠯᠡᠭᠴᠢᠳ ᠠ᠋᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠶ᠎ᠡ᠂ ᠬᠢᠨᠠᠨ ᠵᠥᠪᠯᠡᠬᠦ ᠪᠣᠯᠪᠠᠤ | ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠡᠪᠰᠢᠭᠦᠯᠬᠦ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠮᠠᠨ ᠤ ᠬᠤᠰᠢᠭᠤᠨ ᠤ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠬᠦᠴᠢᠷ ᠪᠡᠷᠬᠡᠰᠢᠶᠡᠯᠲᠡᠢ᠂ ᠠᠵᠤ | ᠠᠬᠤᠢ ᠶᠢᠨ ᠪᠠᠭᠤᠷᠠᠯᠳᠠ ᠪᠠ ᠰᠢᠨ᠎ᠡ ᠲᠢᠳᠢᠮᠯᠢᠭ ᠤᠨ ᠬᠢᠵᠢᠭ ᠤᠨ ᠪᠠᠶᠢᠳᠠᠯ ᠲᠠᠪᠬᠤᠴᠠᠨ ᠰᠤᠯᠢᠪᠴᠠᠵᠤ᠂ ᠠᠶᠤᠯ ᠲᠦᠭᠰᠢᠬᠦᠷᠢ ᠶᠢᠨ ᠦᠷᠢᠰᠦᠯᠳᠦᠬᠡᠨ ᠤᠷᠢᠳᠠᠴᠢ | ᠵᠢᠱᠢᠯᠳᠠ ᠠᠴᠠ ᠲᠠᠪᠠᠪᠠ᠃ ᠨᠢᠬᠡ ᠵᠢᠯ ᠤᠨ ᠲᠤᠷᠰᠢ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠢᠵᠢᠭ ᠤᠨ ᠪᠠᠶᠢᠳᠠᠯ ᠢ ᠰᠡᠷᠬᠡᠶᠢᠯᠡᠵᠦ᠂ | ᠠᠵᠤ ᠠᠬᠤᠢ ᠢ ᠲᠤᠭᠳᠠᠪᠤᠷᠢᠵᠢᠭᠤᠯᠵᠤ᠂ ᠬᠦᠭᠵᠢᠯᠳᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠨᠢᠭᠳᠠ ᠲᠤᠭᠤᠷᠢᠨ᠂ ᠲᠡᠭᠡᠳᠦ ᠱᠠᠳᠣᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠡᠢᠳᠪᠦᠷᠢ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ | ᠡᠷᠡᠰ ᠴᠢᠩᠭ᠎ᠠ ᠤᠳᠤᠷᠢᠳᠤᠯᠭ᠎ᠠ ᠲᠤᠤᠷᠠᠭ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ | ᠲᠡᠮᠵᠢᠯᠬᠡ ᠲᠤᠤᠷᠠᠭ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠶᠢ ᠲᠤᠭᠤᠯᠤᠨ ᠪᠡᠷᠬᠡ ᠶᠢ ᠳᠠᠪᠠᠵᠤ᠂ ᠰᠢᠷᠭᠠᠭᠤ | ᠬᠠᠲᠠᠭᠤᠵᠢᠯᠲᠠᠢ ᠠᠵᠢᠯᠯᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠳᠠᠪᠰᠢᠯᠲᠠ ᠶᠢ ᠣᠯᠪᠠ᠃ | ᠶᠡᠷᠦᠩᠬᠡᠶᠢᠯᠡᠭᠰᠡᠨ ᠪᠣᠳᠠᠲᠤ ᠬᠦᠴᠦᠨ ᠤ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠪᠡ᠃ ᠵᠢᠱᠢᠯᠲᠡ ᠠᠴᠠ ᠳᠠᠪᠠᠭᠰᠠᠨ ᠠᠰᠢᠭ ᠦᠭᠡᠢ ᠬᠦᠴᠦᠨ ᠵᠦᠢᠯ ᠤᠨ | ᠡᠮᠦᠨ᠎ᠡ᠂ ᠪᠢᠳᠡ ᠶᠡᠷᠦ ᠪᠤᠰᠤ ᠶᠢᠨ ᠠᠷᠭ᠎ᠠ ᠬᠡᠮᠵᠢᠶ᠎ᠡ ᠪᠠᠷ ᠶᠡᠷᠦ ᠪᠤᠰᠤ ᠶᠢᠨ ᠬᠦᠴᠢᠷᠳᠡᠯ ᠢ ᠠᠷᠭᠠᠴᠠᠵᠤ᠂ ᠠᠵᠤ ᠠᠬᠤᠢ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠪᠠ᠃ 42 ᠴᠢᠬᠤᠯᠠ ᠶᠡᠭᠡ ᠲᠦᠷᠦᠯ ᠵᠦᠢᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠦᠨ ᠰᠡᠷᠭᠦᠭᠡᠪᠡ᠃ ᠬᠡᠷ᠎ᠡ ᠲᠤᠭᠳᠠᠬᠤ ᠲᠥᠷᠥᠯ ᠵᠦᠢᠯ | 11 ᠪᠠᠶᠢᠵᠤ᠂ ᠪᠡᠯᠡ ᠣᠷᠣᠭᠤᠯᠤᠯᠲᠠ ᠨᠢ 26 ᠳ᠋ᠦᠩᠰᠢᠭᠤᠷ ᠲᠥᠭᠦᠷᠢᠭ ᠲᠤ ᠬᠦᠷᠴᠦ᠂ ᠬᠤᠳᠠᠯᠳᠤᠭᠠᠴᠢᠨ ᠤᠷᠢᠵᠤ ᠪᠡᠯᠡ ᠤᠷᠤᠭᠤᠯᠤᠭᠰᠠᠨ ᠦᠷ᠎ᠡ ᠪᠦᠳᠦᠮᠵᠢ | ᠡᠯᠪᠡᠭ ᠲᠡᠯᠪᠡᠭ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ ᠪᠤᠴᠠᠭᠠᠬᠤ ᠳᠤ 3.96 | ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠢᠭᠤᠳ ᠲᠦᠷᠭᠡᠨ ᠡᠳ᠋ᠯᠡᠭᠦᠯᠪᠡ᠃ | 155 ᠵᠦᠪᠰᠢᠶᠡᠷᠡᠬᠦᠯᠬᠦ ᠪᠠᠷ ᠪᠠᠶᠢᠭ᠎ᠠ ᠵᠦᠢᠯᠡᠰ ᠢ ᠵᠦᠪᠰᠢᠶᠡᠷᠡᠵᠦ ᠪᠤᠯᠠᠬᠤ ᠶᠢ ᠪᠦᠬᠦᠨ ᠢ ᠵᠦᠪᠰᠢᠶᠡᠷᠡᠵᠦ᠂ 2 ᠬᠠᠭᠠᠰ ᠲᠤᠳᠠᠭᠤ ᠢᠨᠵᠧᠨᠧᠷᠢᠩ ᠢ | ᠠᠮᠢᠳᠤᠯᠢᠭᠵᠢᠭᠤᠯᠤᠨ ᠳ᠋ᠤᠭᠠᠷ ᠠᠴᠠ ᠬᠠᠰᠤᠵᠤ᠂ 5500 ᠳ᠋ᠦᠩᠰᠢᠭᠤᠷ ᠲᠥᠭᠦᠷᠢᠭ ᠦᠨᠨᠦ᠋ᠬᠡᠴᠡ ᠪᠡᠯᠡ ᠮᠦᠩᠭᠦ ᠶᠢ ᠢᠯᠭᠠᠷᠠᠭᠤᠯᠤᠨ ᠲᠤᠰᠢᠶᠠᠵᠤ᠂ | ᠵᠦᠪᠰᠢᠶᠡᠷᠡᠭᠰᠡᠨ ᠪᠤᠯᠪᠠᠴᠤ ᠬᠠᠩᠭᠠᠭᠰᠠᠨ ᠦᠬᠡᠢ 527 ᠮᠤ᠋ ᠭᠠᠵᠠᠷ ᠰᠢᠷᠤᠢ ᠶᠢ ᠰᠢᠩᠭᠡᠭᠡᠵᠦ᠂ ᠡᠬᠢ ᠰᠤᠷᠪᠤᠯᠵᠢ ᠶᠢᠨ ᠡᠯᠧᠮᠧᠨ᠋ᠲ ᠢ ᠠᠰᠢᠭᠳᠠᠢ | ᠠᠮᠢᠳᠤᠯᠢᠭᠵᠢᠭᠤᠯᠪᠠ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠥᠷᠲᠡᠭ 177.4 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 9.1 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 34. | 3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10 % ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠲᠣᠰ ᠲᠣᠰ 37406 ᠲᠥᠭᠦᠷᠢᠭ ᠪᠠ 24815 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 7% ᠪᠠ 9% ᠪᠠᠷ | ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 30.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2% ᠪᠠᠷ ᠨᠡᠮᠡᠭᠳᠡᠨ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠦᠷ᠎ᠡ ᠪᠦᠲᠦᠮᠵᠢ ᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠵᠤ᠂ 1.02 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠤᠨ᠂ | ᠡᠯ᠎ᠡ ᠵᠦᠢᠯ ᠶᠢᠨ ᠲᠦᠷᠦᠯ ᠵᠦᠢᠯ ᠶᠢ 86 ᠶᠢ ᠬᠡᠷᠡᠭᠵᠢᠬᠦᠯᠵᠦ᠂ ᠬᠦᠳᠡᠷᠬᠡᠰᠢᠭ ᠲᠤᠰᠬᠤᠨ ᠤ ᠬᠦᠭᠵᠢᠯᠳᠡ ᠶᠢᠨ ᠬᠦᠳᠡᠯᠬᠡᠬᠦᠷ ᠬᠦᠴᠦᠨ ᠦᠷᠬᠦᠯᠵᠢᠯᠡᠨ ᠴᠢᠩᠭᠠᠷᠠᠪᠠ | ᠃1.3 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠠᠮᠤ ᠪᠤᠳᠠᠭᠠᠨ ᠤ ᠤᠨᠠᠯᠳᠠ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠴᠡᠢ᠃ 2000 ᠮᠦ ᠪᠡᠯᠡᠳᠬᠡᠮᠵᠢᠲᠦ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠦᠨ᠂ ᠬᠤᠲᠠ ᠶᠢᠨ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ 3᠂ ᠬᠤᠰᠢᠭᠤᠨ ᠲᠠᠰ ᠤᠨ ᠵᠢᠱᠢᠶ᠎ᠡ ᠦᠵᠡᠭᠦᠯᠬᠦ ᠬᠦᠷᠢᠶᠡᠯᠡᠩ 18 ᠶᠢ ᠰᠢᠨ᠎ᠡ ᠪᠠᠷ ᠥᠷᠭᠡᠳᠬᠡᠨ ᠪᠠᠶᠢᠭᠤᠯᠵᠤ᠂ | ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ 10 ᠶᠢ | ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠵᠦ᠂ ︽ᠨᠢᠭᠡ ᠲᠣᠭᠤᠷᠢᠭ ᠬᠤᠶᠠᠷ ᠪᠦᠰᠡ︾ ᠶᠢᠨ 8 ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠠᠵᠤ | ᠦᠢᠯᠡᠰ ᠤᠨ ᠲᠥᠪᠯᠡᠷᠡᠭᠰᠡᠨ ᠣᠷᠣᠨ ᠢ ᠠᠩᠬ᠎ᠠ ᠠᠯᠬᠤᠮ ᠬᠡᠪᠴᠢᠶᠡᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠢᠷᠢ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ᠮᠧᠩ ᠨᠢᠦ ᠶᠢᠨ 10 ᠲᠦᠮᠡᠨ ᠰᠠᠭᠠᠯᠢ ᠶᠢᠨ ᠦᠨᠢᠶ᠎ᠡ ᠶᠢᠨ ᠳᠡᠭᠡᠳᠦ ᠲᠠᠰ ᠤᠨ ᠰᠠᠭᠠᠯᠢ ᠶᠢᠨ ᠠᠵᠤ ᠦᠢᠯᠡᠰ ᠤᠨ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ 1.7 ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠦᠨ᠂ ᠰᠠᠭᠠᠯᠢ ᠶᠢᠨ ᠦᠢᠯᠡᠰ ᠤᠨ | ᠬᠥᠭᠵᠢᠯ ᠮᠠᠨᠳᠤᠯ ᠢ ᠯᠠᠪᠳᠠᠭᠤᠨ ᠢᠶᠠᠷ ᠠᠬᠢᠭᠤᠯᠪᠠ᠃ ᠢᠳᠡᠭᠡᠨ ᠤ ᠪᠠᠺᠲ᠋ᠧᠷᠢ᠂ ᠬᠢᠲᠠᠳ ᠡᠮ ᠤᠨ ᠮᠠᠲ᠋ᠧᠷᠢᠶᠠᠯ᠂ ᠬᠤᠯᠢᠰᠢᠨ ᠠᠮᠤ᠂ ᠯᠠᠵᠤᠤ᠂ ᠠᠮᠲᠠᠲᠤ ᠬᠡᠮᠬᠡ | ᠵᠡᠷᠭᠡ ᠣᠨᠴᠠᠯᠢᠭᠲᠤ ᠲᠠᠷᠢᠮᠠᠯ ᠤᠨ ᠦᠢᠯᠡᠰ ᠢ ᠢᠳᠡᠪᠬᠢᠲᠡᠢ ᠬᠥᠭᠵᠢᠭᠦᠯᠵᠦ᠂ ᠵᠠᠬᠢᠶᠠᠯᠠᠭ᠎ᠠ ᠶᠢᠨ ᠲᠠᠷᠢᠶᠠᠯᠠᠩ 7.5 ᠲᠦᠮᠡᠨ ᠮᠦ ᠬᠦᠷᠴᠦ᠂ ᠰᠢᠨ᠎ᠡ ᠪᠠᠷ ᠡᠷᠬᠡ | ᠣᠯᠭᠤᠭᠰᠠᠨ ︽ᠲᠡᠭᠷᠢ ᠶᠢᠨ ᠭᠡᠰᠢᠭᠲᠦ ᠪᠤᠷᠤᠳᠤᠬᠤᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠲᠠᠷᠢᠶᠠᠯᠠᠩ ᠤᠨ | ᠪᠦᠲᠦᠭᠡᠭᠳᠡᠬᠦᠨ ᠢ 7 ᠵᠦᠢᠯ ᠨᠡᠮᠡᠵᠦ᠂ ᠮᠤᠨᠠ ᠠᠭᠤᠯᠠ ᠶᠢᠨ ᠭᠠᠭ᠋ᠠᠢ ᠶᠢᠨ ᠮᠢᠬ᠎ᠠ᠂ ᠮᠢᠩᠭᠠᠨ ᠤ ᠰᠡᠷᠬᠢᠨᠠᠭ ᠮᠦᠭᠦ ᠵᠡᠷᠭᠡ 8 ᠵᠦᠢᠯ ᠤᠨ ᠪᠦᠲᠦᠭᠡᠭᠳᠡᠬᠦᠨ ᠢ ︽ | ᠬᠤᠶᠠᠷ ᠪᠦᠲᠦᠭᠡᠭᠳᠡᠬᠦᠨ ᠨᠢᠭᠡ ᠲᠡᠮᠳᠡᠭ︾ ᠲᠤ ᠣᠷᠣᠭᠤᠯᠵᠤ᠂ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ᠂ ᠮᠢᠩᠭᠠᠨ ᠪᠠᠯᠭᠠᠰᠤᠨ ᠤ ᠯᠢᠦ ᠹᠧᠨ | ᠽᠢ ᠲᠣᠰᠬᠤᠨ ︵ᠬᠤᠨᠴᠢᠷ︶ ᠪᠥᠬᠦ ᠤᠯᠤᠰ ᠤᠨ ︽ᠨᠢᠭᠡ ᠲᠣᠰᠬᠤᠨ ᠨᠢᠭᠡ ᠲᠠᠸᠠᠷ︾ ᠤᠨ ᠵᠢᠱᠢᠶ᠎ᠡ ᠦᠵᠡᠭᠦᠯᠬᠦ ᠲᠣᠰᠬᠤᠨ ᠳᠤ ᠰᠣᠩᠭᠤᠭᠳᠠᠨ ᠣᠷᠣᠵᠤ᠂ ᠴᠢᠨᠠᠷ | ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠢᠯᠡᠳᠲᠡ ᠥᠰᠪᠡ᠃ | ᠲᠡᠰ ᠳᠡᠪᠰᠢᠭᠦᠯᠵᠦ ᠬᠡᠯᠪᠡᠷᠢ ᠪᠠᠨ ᠬᠤᠪᠢᠷᠠᠭᠤᠯᠬᠤ ᠠᠵᠢᠯ ᠰᠢᠨ᠎ᠡ ᠠᠯᠬᠤᠮ ᠢ ᠠᠯᠬᠤᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠨᠢ 193 ᠳ᠋ᠦᠩᠰᠢᠭᠤᠷ ᠲᠥᠭᠦᠷᠢᠭ ᠲᠤ ᠬᠦᠷᠴᠦ᠂ ᠡᠬᠦᠨ ᠳᠤ ᠲᠤᠰᠬᠠᠢ ᠨᠠᠷᠢᠯᠢᠭ ᠣᠨᠴᠠ ᠰᠢᠨ᠎ᠡ ᠡᠨᠧᠷᠬᠢ ᠰᠢᠨ᠎ᠡ ᠮᠧᠲ᠋ᠧᠷᠢᠶᠠᠯ | ᠵᠡᠷᠬᠡ ᠰᠢᠨ᠎ᠡ ᠪᠠᠷ ᠬᠦᠭᠵᠢᠭᠰᠡᠨ ᠠᠵᠤ ᠠᠬᠤᠶᠢᠯᠠᠯ ᠤᠨ ᠬᠠᠷᠢᠴᠠᠯ ᠨᠢ 39.1 % ᠲᠤ ᠬᠦᠷᠴᠦ᠂ ᠠᠵᠤ ᠦᠢᠯᠡᠳᠪᠦᠷᠢ ᠪᠤᠬᠢᠷᠳᠦᠯ ᠦᠬᠡᠢ ᠪᠠᠷ ᠬᠡᠯᠪᠡᠷᠢ ᠪᠠᠨ | ᠬᠤᠪᠢᠷᠠᠭᠤᠯᠵᠤ ᠦᠷ᠎ᠡ ᠪᠦᠳᠦᠮᠵᠢ ᠢᠯᠡᠷᠭᠡᠢ ᠪᠤᠯᠪᠠ᠃ ᠳᠤᠮᠳᠠ ᠵᠢᠵᠢᠭ ᠠᠵᠤ ᠠᠬᠤᠶᠢᠯᠠᠯ ᠤᠨ 3 ᠡᠷᠦᠬᠡ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | 3 ᠡᠷᠦᠬᠡ ᠶᠢ ᠰᠢᠨ᠎ᠡ ᠪᠠᠷ ᠪᠣᠶᠢᠵᠢᠭᠤᠯᠵᠤ᠂ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠲᠠᠢ ᠠᠵᠤ ᠠᠬᠤᠶᠢᠯᠠᠯ ᠤᠨ 23 ᠡᠷᠦᠬᠡ ᠶᠢ ᠰᠢᠭᠰᠢᠭᠳᠡᠭᠦᠯᠦᠨ ᠭᠠᠷᠭᠠᠵᠤ | ᠂ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠢ 24% ᠪᠠᠷ ᠪᠠᠭᠤᠷᠠᠭᠤᠯᠪᠠ᠃ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠢ 12 | ᠬᠡᠷᠡᠭᠵᠢᠭᠦᠯᠵᠦ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠴᠢᠩ ᠬᠤᠸᠠ ᠶᠢᠨ 7.3 ᠲᠦᠮᠡᠨ ᠲᠣᠨ ᠤ ᠨᠡᠶᠢᠯᠡᠯᠭᠡ ᠰᠢᠪᠲᠦᠷ᠂ ᠱᠧᠨ ᠵᠧᠨ ᠬᠢᠮᠢ ᠶᠢᠨ | ᠠᠵᠤ ᠦᠢᠯᠡᠳᠪᠦᠷᠢ ᠶᠢᠨ ᠣᠨᠴᠠ ᠲᠦᠷᠦᠯ ᠤᠨ ᠸᠠᠭᠠᠷ ᠱᠠᠭᠠᠵᠠᠩ᠂ ᠶᠢᠨ ᠬᠤᠢ ᠬᠤᠪᠣᠷ ᠠᠭᠤᠷᠬᠠᠢ ᠶᠢᠨ 20 ᠲᠦᠮᠡᠨ ᠲᠣᠨ ᠬᠦᠬᠦᠷ ᠬᠦᠴᠢᠯ ᠵᠡᠷᠭᠡ 4 | ᠲᠥᠷᠥᠯ ᠵᠦᠢᠯ ᠠᠰᠢᠭᠯᠠᠯᠲᠠ ᠳᠤ ᠣᠷᠣᠪᠠ︔ ᠳ᠋ᠦᠩ ᠯᠢ ᠶᠢᠨ ᠬᠤᠶᠠᠳᠤᠭᠠᠷ ᠬᠤᠭᠤᠴᠠᠭᠠᠨ ᠤ 4.8 ᠲᠦᠮᠡᠨ ᠲᠣᠨ ᠣᠯᠠᠨ ᠲᠠᠯᠠᠰᠲᠤ ᠴᠠᠬᠢᠭᠤᠷ᠂ ᠬᠤᠯᠤᠰᠤᠨ | ᠳᠠᠷᠤᠮᠠᠯ ᠬᠠᠪᠲᠠᠰᠤ᠂ ᠵᠥᠩ ᠱᠧᠩ ᠳ᠋ᠣᠣ ᠵᠢᠢ ᠲᠡᠮᠦᠷᠯᠢᠭ ᠺᠠᠯᠼ ᠵᠡᠷᠭᠡ 8 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡ ᠪᠦᠯᠦᠭ | ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ ᠶᠠᠭ ᠲᠦᠷᠭᠡᠨ ᠪᠣᠶ ᠪᠣᠯᠭᠠᠵᠤ ᠪᠠᠶᠢᠨ᠎ᠠ᠃ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 8 ᠠᠵᠤ ᠠᠬᠤᠶᠢᠯᠠᠯ ᠢ ᠬᠠᠪᠰᠤᠷᠤᠨ 672.4 ᠲᠦᠮᠡᠨ ᠲᠥᠭᠦᠷᠢᠭ ᠤᠨ ᠲᠤᠰᠬᠠᠢ | ᠵᠦᠢᠯ ᠤᠨ ᠲᠡᠳᠬᠦᠮᠵᠢ ᠶᠢᠨ ᠪᠡᠯᠡ ᠮᠥᠩᠭᠦ ᠣᠯᠵᠤ᠂ 28 ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠵᠠᠬ᠎ᠠ ᠳᠡᠯᠭᠡᠭᠦᠷ ᠲᠤ | ᠣᠷᠤᠯᠴᠠᠬᠤ ᠶᠢ ᠳᠡᠮᠵᠢᠵᠦ᠂ ᠪᠥᠬᠦ ᠵᠢᠯ ᠳᠤ ᠴᠠᠬᠢᠯᠭᠠᠨ ᠤ ᠰᠦᠢᠳᠬᠡᠯ ᠤᠨ ᠵᠠᠷᠤᠯᠭ᠎ᠠ ᠶᠢ ᠨᠡᠶᠢᠲᠡ 1.08 ᠳ᠋ᠦᠩᠰᠢᠭᠤᠷ ᠲᠥᠭᠦᠷᠢᠭ ᠠᠷᠪᠢᠯᠠᠪᠠ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠣᠶᠤᠨᠲᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ︽ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ︾ ᠢ ᠮᠠᠭᠠᠳᠯᠠᠨ | ᠲᠣᠭᠲᠠᠭᠠᠬᠤ ᠠᠵᠢᠯ ᠢ ᠤᠷᠤᠭᠰᠢᠲᠠᠢ ᠠᠬᠢᠭᠤᠯᠵᠤ᠂ ᠲᠥᠷᠥᠯ ᠵᠦᠢᠯ ᠤᠨ ᠳᠠᠭᠠᠭᠠᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠪᠡ᠃ | ᠭᠤᠷᠪᠠᠳᠤᠭᠠᠷ ᠠᠵᠤ ᠦᠢᠯᠡᠰ ᠰᠢᠨ᠎ᠡ ᠪᠠᠶᠢᠳᠠᠯ ᠲᠠᠢ ᠪᠣᠯᠪᠠ᠃ ᠬᠡᠪᠴᠢᠶᠡᠵᠢᠯ ᠠᠴᠠ ᠲᠡᠭᠡᠭᠰᠢᠬᠢ ᠦᠢᠯᠡᠴᠢᠯᠡᠬᠡᠨ ᠤ ᠦᠢᠯᠡᠰ ᠂ ᠬᠢᠵᠠᠭᠠᠷᠯᠠᠯ ᠠᠴᠠ | ᠲᠡᠭᠡᠭᠰᠢᠬᠢ ᠪᠦᠬᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠪᠠ ᠬᠤᠭᠤᠯᠠ ᠢᠳᠡᠬᠡᠨ ᠤ ᠠᠵᠤ ᠦᠢᠯᠡᠰ ᠵᠡᠷᠭᠡ ᠶᠢ 35 ᠡᠷᠦᠬᠡ ᠪᠤᠶᠢᠵᠢᠭᠤᠯᠵᠤ᠂ | ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠬᠤᠳᠠᠯᠳᠤᠭᠰᠠᠨ ᠶᠡᠷᠦᠩᠭᠡᠢ ᠲᠣᠭᠠᠨ ᠤ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠲᠡᠷᠢᠭᠦᠨ ᠳᠤ ᠣᠷᠣᠪᠠ᠃ | ᠵᠢᠭᠤᠯᠴᠢᠯᠠᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠳ᠋ᠠ ᠵᠥᠩ ᠠᠭᠤᠷᠬᠠᠢ ᠶᠢᠨ ᠦᠢᠯᠡᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠣᠷᠣᠨ᠂ ᠰᠠᠨ ᠬᠤ᠋ ᠨᠠᠭᠤᠷ ᠤᠨ ᠤᠯᠤᠮ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠦᠨᠳᠦᠰᠦᠨ ᠳᠡᠭᠡᠨ ᠪᠠᠶᠢᠭᠤᠯᠤᠨ | ᠳᠠᠭᠤᠰᠬᠠᠵᠤ᠂ ᠬᠤᠪᠢᠰᠬᠠᠯ ᠤᠨ ᠵᠢᠭᠤᠯᠴᠢᠯᠠᠯ᠂ ᠰᠡᠯᠡᠭᠦᠴᠡᠯ ᠤᠨ ᠵᠢᠭᠤᠯᠴᠢᠯᠠᠯ᠂ ᠪᠡᠶ᠎ᠡ ᠪᠠᠷ ᠢᠶᠠᠨ ᠣᠶᠢᠯᠠᠭᠠᠬᠤ ᠵᠢᠭᠤᠯᠴᠢᠯᠠᠯ ᠵᠡᠷᠭᠡ ᠵᠢᠭᠤᠯᠴᠢᠯᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠲᠠ ᠦᠭᠡᠢ ᠪᠠᠶᠠᠯᠢᠭᠵᠢᠪᠡ᠃ ᠡᠯᠧᠺᠲᠷᠣᠨ ᠬᠤᠳᠠᠯᠳᠤᠭᠠᠨ ᠤ ᠠᠵᠤ ᠦᠢᠯᠡᠰ ᠥᠷᠨᠢᠩᠭᠦᠢ ᠬᠥᠭᠵᠢᠵᠦ᠂ | ᠲᠣᠭᠠᠴᠢᠯᠠᠭᠰᠠᠨ ᠰᠢᠨ᠎ᠡ ᠠᠵᠤ ᠠᠬᠤᠢ ᠶᠢᠨ ᠺᠣᠮᠫᠠᠨᠢ ᠲᠣᠭᠲᠠᠭᠤᠨ ᠢᠶᠠᠷ ᠠᠵᠢᠯᠯᠠᠨ᠂ ︽ᠵᠢᠩᠬᠢᠨᠢ ᠡᠷᠳᠡᠨᠢ ᠶᠢᠨ ᠬᠥᠮᠥᠷᠭᠡ︾ ᠶᠢᠨ ᠲᠤᠬᠠᠶᠢᠯᠠᠭᠰᠠᠨ ᠠᠵᠢᠯ ᠢ | ᠣᠷᠣᠭᠤᠯᠤᠨ ᠠᠪᠴᠢᠷᠠᠵᠤ᠂ ᠡᠯᠧᠺᠲᠷᠣᠨ ᠬᠤᠳᠠᠯᠳᠤᠭᠠᠨ ᠤ ᠪᠣᠷᠣᠯᠠᠭᠤᠯᠤᠯᠲᠠ ᠶᠢᠨ ᠬᠡᠮᠵᠢᠶ᠎ᠡ 3 ᠳ᠋ᠦᠩᠰᠢᠭᠤᠷ ᠲᠥᠭᠦᠷᠢᠭ ᠲᠤ ᠬᠦᠷᠴᠦ᠂ 6000 ᠬᠥᠮᠥᠨ ᠳᠤ | ᠠᠵᠢᠯ ᠣᠯᠭᠤᠬᠤ ᠶᠢ ᠳᠠᠶᠢᠴᠢᠯᠠᠪᠠ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠳᠠᠲᠤ ᠴᠣᠭᠴᠠ ᠶᠢᠨ ᠠᠵᠤ ᠠᠬᠤᠢ ᠳᠤ 30 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠲᠠᠯᠪᠢᠵᠤ᠂ ᠠᠵᠤ ᠠᠬᠤᠶᠢᠯᠠᠯ ᠤᠨ ᠪᠡᠯᠡ ᠮᠥᠩᠭᠦ ᠲᠤᠲᠠᠭᠳᠠᠵᠤ ᠪᠠᠶᠢᠭ᠎ᠠ ᠬᠦᠴᠢᠷᠳᠡᠯ ᠢ ᠪᠦᠲᠦᠮᠵᠢᠲᠡᠶ ᠨᠠᠮᠳᠠᠭᠤᠯᠪᠠ᠃ | ᠬᠤᠳᠠ ᠬᠥᠳᠡᠭᠡ ᠶᠢᠨ ᠴᠢᠨᠠᠷ ᠴᠢᠨᠰᠠᠭ᠎ᠠ ᠶᠢ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠪᠡ᠃ 12 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ | ᠲᠥᠷᠥᠯ ᠵᠦᠢᠯ ᠢ ᠬᠡᠷᠡᠭᠵᠢᠭᠦᠯᠵᠦ᠂ 13 ᠲᠦᠮᠡᠨ ᠲᠡᠭᠰᠢ ᠳᠥᠷᠪᠡᠯᠵᠢᠨ ᠮᠧᠲᠷ ᠤᠨ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ᠂ | 2442 ᠡᠷᠦᠬᠡ ᠳᠤ ᠠᠰᠢᠭ ᠬᠦᠷᠲᠡᠭᠡᠪᠡ᠃ ᠡᠮᠦᠨ᠎ᠡ ᠲᠣᠭᠤᠷᠢᠯ ᠵᠠᠮ᠂ ᠪᠤᠭᠤᠲᠤ ᠠᠴᠠ ᠯᠠᠨᠵᠧᠦ ᠬᠦᠷᠬᠦ ᠲᠡᠮᠦᠷ ᠵᠠᠮ ᠳᠠᠭᠠᠤ ᠶᠢᠨ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠢ ᠥᠭᠡᠷᠡᠴᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠵᠦᠢᠯᠡᠰ ᠤᠨ ᠲᠠᠲᠠᠪᠤᠷᠢᠯᠠᠨ ᠨᠤᠷᠠᠭᠠᠬᠤ ᠠᠵᠢᠯ ᠢ ᠦᠨᠳᠦᠰᠦᠨ ᠳᠡᠭᠡᠨ | ᠳᠠᠭᠤᠰᠬᠠᠵᠤ᠂ ᠳ᠋ᠦᠩ ᠹᠧᠩ ᠶᠡᠭᠡ ᠵᠡᠭᠡᠯᠢ ᠶᠢᠨ ᠵᠡᠭᠦᠨ ᠭᠠᠷᠬᠤ ᠡᠭᠦᠳᠡ᠂ ᠳ᠋ᠦᠩᠱᠧᠩ ᠶᠡᠭᠡ ᠵᠡᠭᠡᠯᠢ ᠶᠢᠨ ᠪᠠᠷᠠᠭᠤᠨᠰᠢ ᠰᠤᠨᠤᠭᠰᠠᠨ ᠬᠡᠰᠡᠭ ᠤᠨ ᠲᠠᠲᠠᠪᠤᠷᠢᠯᠠᠨ | ᠨᠤᠷᠠᠭᠠᠬᠤ ᠠᠵᠢᠯ ᠢ ᠤᠷᠤᠭᠰᠢᠲᠠᠢ ᠠᠬᠢᠭᠤᠯᠪᠠ᠃ ᠶᠠᠪᠠᠭᠠᠨ ᠵᠠᠮ ᠢ ᠬᠠᠲᠠᠭᠤᠷᠠᠭᠤᠯᠬᠤ ᠵᠢᠴᠢ 3860 ᠲᠡᠭᠰᠢ ᠳᠥᠷᠪᠡᠯᠵᠢᠨ ᠮᠧᠲᠷ ᠢ ᠰᠡᠯᠪᠢᠨ ᠵᠠᠰᠠᠵᠤ | ᠰᠢᠨᠡᠳᠬᠡᠬᠦ ᠶᠢ ᠪᠡᠶᠡᠯᠡᠭᠦᠯᠵᠦ᠂ ᠬᠠᠭᠤᠴᠢᠨ ᠬᠤᠭᠤᠯᠠᠢ ᠶᠢᠨ ᠲᠣᠣᠷ ᠤᠨ 24.8 ᠺᠢᠯᠣᠮᠧᠲᠷ ᠢ ᠰᠢᠨᠡᠳᠬᠡᠨ ᠥᠭᠡᠷᠡᠴᠢᠯᠡᠵᠦ᠂ ᠬᠤᠲᠠ ᠶᠢᠨ ᠶᠠᠪᠤᠳᠠᠯ ᠤᠨ | ᠰᠠᠭᠤᠷᠢ ᠶᠢ ᠨᠠᠩ ᠪᠦᠷᠢᠨ ᠲᠡᠭᠦᠯᠳᠡᠷ ᠪᠣᠯᠭᠠᠨ᠎ᠠ᠃ ᠢᠦᠢ ᠵᠢᠩ ᠶᠤᠸᠠᠨ ᠴᠡᠴᠡᠷᠯᠢᠭ ᠤᠨ ᠬᠤᠶᠠᠳᠤᠭᠠᠷ ᠬᠤᠭᠤᠴᠠᠭ᠎ᠠ᠂ ᠢᠦᠢ ᠲᠠᠢ ᠰᠢᠨ᠎ᠡ ᠬᠤᠲᠠ ᠵᠡᠷᠭᠡ | ᠲᠠᠸᠠᠷ ᠤᠨ ᠭᠡᠷ ᠪᠠᠶᠢᠰᠢᠩ ᠤᠨ ᠲᠥᠷᠥᠯ ᠵᠦᠢᠯ 4 ᠶᠢ ᠬᠡᠷᠡᠭᠵᠢᠬᠦᠯᠵᠦ᠂ 34.2 ᠲᠦᠮᠡᠨ ᠲᠡᠭᠰᠢ ᠳᠥᠷᠪᠡᠯᠵᠢᠨ ᠮᠧᠲᠷ ᠬᠡᠷᠡᠭᠵᠢᠭᠦᠯᠪᠡ᠃ ᠬᠤᠲᠠ ᠶᠢᠨ | ᠲᠣᠭᠤᠷᠢᠭ ᠤᠨ ᠨᠣᠭᠤᠭᠠᠷᠠᠭᠤᠯᠤᠯᠲᠠ ᠶᠢᠨ ᠥᠭᠡᠷᠡᠴᠢᠯᠡᠯᠲᠡ ᠶᠢ 8 ᠲᠦᠮᠡᠨ ᠲᠡᠭᠰᠢ ᠳᠥᠷᠪᠡᠯᠵᠢᠨ ᠮᠧᠲᠷ ᠬᠢᠵᠦ᠂ ᠵᠤᠭᠠᠴᠠᠯ ᠤᠨ ᠬᠦᠷᠢᠶᠡᠯᠡᠩ ᠤᠨ ᠠᠭᠤᠳᠠᠮ | ᠲᠠᠯᠠᠪᠠᠶ ᠶᠢᠨ 1.3 ᠲᠦᠮᠡᠨ ᠲᠡᠭᠰᠢ ᠳᠥᠷᠪᠡᠯᠵᠢᠨ ᠮᠧᠲᠷ ᠢ ᠳᠡᠰ ᠳᠡᠪᠰᠢᠭᠦᠯᠦᠨ ᠳᠡᠭᠡᠭᠰᠢᠯᠡᠭᠦᠯᠪᠡ᠃ ᠠᠮᠢᠳᠤᠷᠠᠯ ᠤᠨ ᠬᠤᠭ ᠨᠣᠪᠰᠢ ᠶᠢ ᠪᠠᠭᠠᠰᠬᠠᠬᠤ ᠥᠷᠲᠡᠭᠡ ᠶᠢ | 5 ᠪᠠᠶᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠲᠤ ᠬᠡᠷᠡᠭᠯᠡᠬᠦ ᠲᠡᠷᠭᠡ ᠶᠢ 159 ᠬᠤᠳᠠᠯᠳᠤᠨ ᠠᠪᠴᠤ᠂ ᠮᠠᠰᠢᠨᠴᠢᠯᠠᠭᠰᠠᠨ ᠴᠡᠪᠡᠷᠯᠡᠯᠲᠡ ᠶᠢᠨ | ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠪᠡ᠃ ᠣᠶᠤᠨᠲᠤ ᠬᠤᠳᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠬᠥᠳᠡᠭᠡ ᠲᠣᠰᠬᠤᠨ ᠤ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶᠢᠯᠠᠨ ᠢᠯᠭᠠᠷᠠᠭᠤᠯᠤᠨ ᠴᠡᠭᠴᠡᠯᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ | 11 ᠪᠠᠯᠭᠠᠰᠤ ᠲᠣᠰᠬᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠵᠤ᠂ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ | ᠬᠥᠳᠡᠭᠡ ᠲᠣᠰᠬᠤᠨ ᠤ ᠵᠠᠰᠠᠮᠠᠯ ᠵᠠᠮ ᠢ 105 ᠺᠢᠯᠣᠮᠧᠲᠷ ᠪᠠᠶᠢᠵᠤ᠂ 215 ᠮᠤᠵᠢ ᠶᠢᠨ ᠲᠡᠰ ᠤᠨ ᠵᠠᠰᠠᠮᠠᠯ ᠵᠠᠮ ᠢ ᠵᠠᠰᠠᠨ ᠰᠢᠨᠡᠳᠭᠡᠵᠦ᠂ ᠥᠪᠡᠷᠲᠡᠭᠡᠨ ᠵᠠᠰᠠᠬᠤ | ᠣᠷᠣᠨ ᠤ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ᠃ ᠪᠦᠬᠦ ᠬᠤᠰᠢᠭᠤᠨ ᠤ ᠬᠦᠴᠦᠨ ᠢᠶᠠᠷ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠳᠤ ᠮᠡᠳᠡᠭᠳᠡᠭᠰᠡᠨ ᠨᠡᠶᠢᠲᠡᠯᠢᠭ ᠬᠡᠷᠡᠭ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ 3.8 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠣᠷᠣᠭᠤᠯᠵᠤ᠂ 40 ᠵᠠᠳᠠᠭᠠᠢ ᠠᠭᠤᠷᠬᠠᠢ ᠶᠢᠨ 7.3 ᠲᠡᠭᠰᠢ ᠳᠥᠷᠪᠡᠯᠵᠢᠨ ᠺᠢᠯᠤᠮᠧᠲᠷ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠵᠠᠰᠠᠯᠲᠠ ᠶᠢ ᠪᠠᠶᠡᠯᠡᠬᠦᠯᠵᠦ᠂ ᠦᠯᠡᠳᠡᠭᠳᠡᠯ ᠬᠦᠳᠡᠷ ᠤᠨ ᠬᠥᠮᠥᠷᠭᠡ 13 ᠶᠢ ᠬᠠᠭᠠᠵᠤ᠂ ᠠᠭᠤᠷᠬᠠᠶ ᠶᠢᠨ ᠦᠢᠯᠡᠰ ᠤᠨ ᠡᠷᠬᠡ ᠶᠢ 16 ᠬᠠᠰᠤᠵᠤ᠂ ︽ | ᠬᠤᠶᠠᠷ ᠵᠦᠢᠯ ᠤᠨ ᠨᠤᠲᠠᠯᠠᠯᠲᠠ︾ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠢᠯᠡᠷᠬᠡᠢ | ᠬᠤᠪᠢᠷᠠᠯᠲᠠ ᠲᠠᠢ ᠪᠣᠯᠭᠠᠪᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 16 ᠬᠡᠰᠡᠭ ︽ᠳᠥᠷᠪᠡᠨ ᠡᠷᠦᠢ ᠬᠤᠷᠤᠢ ᠦᠭᠡᠢ︾ ᠠᠰᠠᠭᠤᠳᠠᠯ ᠢ | ᠲᠥᠪᠯᠡᠷᠡᠭᠦᠯᠦᠨ ᠵᠠᠰᠠᠵᠤ᠂ 3 ᠲᠦᠮᠡᠨ ᠮᠤ᠋ ᠶᠢᠨ ᠬᠥᠷᠥᠰᠥ ᠰᠢᠷᠣᠢ ᠶᠢᠨ ᠢᠳᠡᠭᠳᠡᠯ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ᠂ 7.09 ᠲᠦᠮᠡᠨ ᠮᠤ᠋ ᠶᠢᠨ ᠣᠶ | ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ | ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠰᠤᠨ ᠤ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ ᠢ | ᠲᠦᠷᠭᠡᠪᠴᠢᠯᠡᠨ ᠬᠡᠷᠡᠭᠵᠢᠭᠦᠯᠵᠦ᠂ ᠣᠰᠣ ᠴᠠᠬᠢᠯᠭᠠᠨ ᠤ ᠬᠤᠣᠰ ᠡᠵᠡᠮᠰᠢᠯᠲᠦ ᠬᠡᠮᠵᠢᠯᠲᠡ ᠶᠢᠨ ᠲᠥᠬᠦᠭᠡᠷᠦᠮᠵᠢ ᠶᠢ 2268 ᠢᠵᠢ ᠤᠭᠰᠠᠷᠠᠵᠤ᠂ ᠴᠥᠭᠦᠷᠥᠮ ᠤᠨ | ᠤᠰᠤᠯᠠᠯᠲᠠ ᠶᠢᠨ ᠣᠷᠣᠨ ᠤ ᠤᠰᠤᠯᠠᠬᠤ ᠲᠠᠯᠠᠪᠠᠢ ᠶᠢ 8800 ᠮᠦ ᠪᠠᠶᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠠᠵᠢᠯ ᠢ | ᠲᠠᠰᠤᠷᠠᠯᠲᠠ ᠦᠭᠡᠢ ᠴᠢᠩᠭᠠᠳᠬᠠᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠷᠠᠳ ᠤᠨ ᠴᠠᠬᠢᠯᠭᠠᠨ ᠭᠠᠷᠭᠠᠬᠤ ᠦᠢᠯᠡᠳᠪᠦᠷᠢ᠂ | ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠴᠢᠩ ᠬᠤᠸᠠ ᠨᠡᠭᠦᠷᠡᠰᠦᠨ ᠲᠠᠯᠠᠪᠠᠢ ᠶᠢᠨ ᠪᠢᠲᠡᠭᠦᠮᠵᠢᠯᠡᠭᠰᠡᠨ ᠬᠥᠮᠥᠷᠭᠡ ᠶᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠳ᠋ᠠ ᠵᠦᠩ ᠠᠭᠤᠷᠬᠠᠢ ᠶᠢᠨ ᠦᠢᠯᠡᠰ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠴᠢᠩ ᠬᠤᠸᠠ᠂ ᠠᠩᠭᠢᠵᠢᠷᠠᠭᠤᠯᠤᠭᠰᠠᠨ ᠲᠡᠮᠦᠷᠯᠢᠭ ᠵᠡᠷᠭᠡ | 3 ᠠᠵᠤ ᠠᠬᠤᠶᠢᠯᠠᠯ ᠳᠤ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ | ᠨᠤᠷᠮ᠎ᠠ ᠨᠢ 91.4% ᠲᠤ ᠬᠦᠷᠴᠡᠢ᠃ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾᠂ ᠤᠶᠤᠨᠯᠢᠭ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ | ᠬᠠᠳᠤᠨ ᠭᠤᠣᠯ ᠤᠨ ᠤᠰᠤ ᠶᠢ ᠲᠤᠩᠭᠠᠬᠤ ᠵᠡᠷᠭᠡ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠬᠢᠮᠢ ᠶᠢᠨ ᠪᠤᠷᠳᠤᠭᠤᠷ᠂ ᠲᠠᠷᠢᠶᠠᠨ ᠡᠮ ᠢ | ᠲᠠᠷᠢᠶᠠᠨ ᠳᠤ ᠲᠡᠩᠴᠡᠭᠦᠯᠦᠨ ᠬᠡᠷᠡᠭᠯᠡᠬᠦ ᠬᠡᠮᠵᠢᠶ᠎ᠡ ᠲᠤᠰᠪᠤᠷᠢ 3.2 %᠂ 1.7 % ᠪᠠᠷ ᠪᠠᠭᠤᠷᠠᠭᠤᠯᠵᠤ᠂ ᠤᠯᠠᠨ ᠡᠬᠢᠲᠦ ᠪᠣᠬᠢᠷᠳᠤᠯ ᠢ ᠵᠠᠰᠠᠬᠤ ᠠᠵᠢᠯ ᠤᠨ | ᠦᠷ᠎ᠡ ᠪᠦᠲᠦᠮᠵᠢ ᠢᠯᠡᠳᠲᠡ ᠪᠣᠯᠪᠠ᠃ | ᠥᠭᠡᠷᠡᠴᠢᠯᠡᠯᠲᠡ ᠨᠡᠭᠡᠭᠡᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠭᠦᠯᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠬᠥᠭᠵᠢᠭᠦᠯᠦᠯᠲᠡ᠂ ᠲᠠᠷᠢᠶᠠᠯᠠᠩ ᠤᠨ ᠬᠥᠭᠵᠢᠭᠦᠯᠦᠯᠲᠡ ᠵᠡᠷᠭᠡ ᠬᠤᠶᠠᠷ ᠶᠡᠭᠡ ᠬᠤᠰᠢᠭᠤᠨ ᠤ ᠬᠠᠷᠢᠶᠠᠲᠤ | ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠪᠠᠶᠢᠭᠤᠯᠤᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠵᠢᠷᠤᠮᠵᠢᠭᠤᠯᠤᠨ | ᠬᠠᠮᠢᠶᠠᠷᠴᠤ᠂ ᠬᠡᠪᠴᠢᠶᠡᠵᠢᠭᠦᠯᠦᠨ ᠬᠥᠭᠵᠢᠭᠦᠯᠬᠦ ᠠᠷᠭ᠎ᠠ ᠵᠠᠮ ᠢ ᠨᠠᠩ ᠲᠣᠳᠣᠷᠬᠠᠢ ᠪᠤᠯᠭᠠᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ 125 ᠵᠦᠢᠯ ᠤᠨ ᠥᠨᠳᠥᠷ ᠳᠠᠪᠲᠠᠮᠵᠢᠲᠤ ᠠᠷᠠᠳ ᠲᠤ ᠲᠥᠬᠦᠮ ᠦᠵᠡᠭᠦᠯᠬᠦ ᠵᠦᠢᠯᠡᠰ ᠢ ︽ᠨᠢᠭᠡ ᠤᠴᠢᠷ ᠢ ᠨᠢᠭᠡ ᠤᠳᠠᠭ᠎ᠠ ᠳᠤ | ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠵᠠᠰᠠᠭ ᠤᠨ ᠶᠠᠪᠤᠳᠠᠯ ᠤᠨ ᠴᠠᠭ ᠢ ᠤᠷᠲᠤᠳᠬᠠᠬᠤ ᠦᠢᠯᠡᠴᠢᠯᠡᠭᠡ᠂ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠨᠢ ᠢᠯᠡᠳᠲᠡ ᠦᠷ᠎ᠡ ᠪᠦᠲᠦᠮᠵᠢ ᠣᠯᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ 64. | 3% ᠪᠠᠷ ᠪᠠᠭᠠᠰᠬᠠᠵᠤ᠂ ᠭᠤᠶᠤᠴᠢᠯᠠᠬᠤ ᠮᠠᠲ᠋ᠧᠷᠢᠶᠠᠯ ᠢ 63.3% ᠪᠠᠷ ᠴᠣᠮᠬᠠᠳᠬᠠᠨ᠂ ᠭᠦᠢᠴᠡᠳᠬᠡᠬᠦ ᠴᠠᠭ ᠢ 47% ᠪᠠᠷ ᠪᠣᠭᠤᠨᠢᠰᠬᠠᠪᠠ᠃ ︽ᠲᠧᠯᠸᠢᠰ + | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠨᠢ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠥᠷᠭᠡᠳᠬᠡᠨ | ᠳᠡᠯᠭᠡᠷᠡᠭᠦᠯᠦᠭᠰᠡᠨ ᠬᠡᠷᠡᠭ ᠤᠨ ᠵᠢᠱᠢᠶ᠎ᠡ ᠳᠤ ᠵᠢᠭᠰᠠᠭᠠᠭᠳᠠᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ | ᠵᠣᠭᠤᠰ ᠢ 2739 ᠲᠦᠮᠡᠨ ᠲᠥᠭᠦᠷᠢᠭ ᠲᠥᠯᠥᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠳᠦᠷᠢ ᠲᠥᠷᠬᠦ ᠶᠢ ᠤᠯᠠᠮ ᠨᠢᠭᠡ ᠠᠯᠬᠤᠮ ᠪᠣᠶ | ᠪᠣᠯᠭᠠᠪᠡ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠷᠦᠯ ᠵᠦᠢᠯ ᠨᠢ ᠤᠯᠤᠰ ᠤᠨ ᠳᠡᠰ ᠤᠨ ᠪᠡᠷᠢᠮᠵᠢᠶᠠᠵᠢᠭᠤᠯᠤᠰᠡᠨ | ᠲᠣᠷᠰᠢᠯᠲᠠ ᠶᠢᠨ ᠴᠡᠭ ᠢᠶᠠᠷ ᠰᠤᠩᠭᠤᠭᠳᠠᠪᠠ᠃ | ᠠᠷᠠᠳ ᠤᠨ ᠠᠮᠢᠳᠤᠷᠠᠯ ᠤᠨ ᠠᠵᠤ ᠵᠢᠷᠭᠠᠯ ᠰᠢᠨ᠎ᠡ ᠰᠠᠶᠢᠵᠢᠷᠠᠯᠲᠠ ᠲᠠᠢ ᠪᠣᠯᠪᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠪᠠᠷᠢᠮᠲᠠᠯᠠᠵᠤ᠂ ᠬᠠᠮᠤᠭ ᠤᠨ ᠪᠠᠭ᠎ᠠ ᠬᠡᠪᠴᠢᠶ᠎ᠡ᠂ ᠬᠠᠮᠤᠭ ᠤᠨ ᠣᠬᠤᠷ ᠬᠤᠭᠤᠴᠠᠭᠠᠨ ᠳᠤ ᠤᠯᠠᠨ ᠤᠳᠠᠭᠠᠨ ᠤ ᠬᠢᠵᠢᠭ ᠤᠨ ᠪᠠᠶᠢᠳᠠᠯ ᠢ ᠤᠰᠠᠳᠬᠠᠵᠤ᠂ ᠠᠷᠠᠳ | ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠦᠲᠦᠮᠵᠢᠲᠡᠢ ᠪᠠᠲᠤᠯᠠᠪᠠ᠃ ᠬᠤᠳᠠ ᠬᠥᠳᠡᠭᠡ ᠶᠢᠨ ᠠᠵᠢᠯ ᠣᠯᠭᠤᠯᠲᠠ | ᠠᠳᠠᠯ ᠦᠢᠯᠡᠰ ᠴᠣᠭᠴᠠᠯᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ ᠪᠠᠯᠭᠠᠰᠤᠨ ᠤ 1209 ᠬᠥᠮᠥᠨ ᠳᠤ ᠰᠢᠨ᠎ᠡ ᠪᠠᠷ ᠠᠵᠢᠯ ᠣᠯᠭᠤᠵᠤ᠂ 2.56 | ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠠᠳᠠᠯ ᠦᠢᠯᠡᠰ ᠴᠣᠭᠴᠠᠯᠠᠬᠤ ᠶᠢᠨ ᠳᠠᠮ ᠬᠦᠦ ᠲᠠᠢ ᠵᠢᠭᠡᠯᠡᠯᠭᠡ ᠶᠢ 1730 ᠲᠦᠮᠡᠨ | ᠲᠥᠭᠦᠷᠢᠭ ᠲᠠᠷᠬᠠᠭᠠᠵᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ 700 ᠲᠦᠮᠡᠨ ᠲᠥᠭᠦᠷᠢᠭ ᠢ ᠳᠠᠪᠠᠪᠠ᠃ | ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠦᠴᠢᠷᠳᠡᠯ ᠲᠠᠢ ᠤᠯᠠᠨ ᠲᠦᠮᠡᠨ ᠢ ᠴᠠᠭ ᠲᠤᠬᠠᠢ ᠳᠤᠨᠢ ᠠᠪᠤᠷᠠᠨ | ᠲᠤᠰᠠᠯᠠᠵᠤ ᠬᠠᠪᠰᠤᠷᠤᠨ ᠲᠡᠳᠬᠦᠵᠦ᠂ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠵᠤ᠂ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ | 9.6 ᠲᠦᠮᠡᠨ ᠲᠣᠨ ︽ ᠰᠡᠳᠭᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠵᠤ᠂ ᠮᠠᠯᠴᠢᠨ ᠲᠠᠷᠢᠶᠠᠴᠢᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ᠃ | ᠰᠤᠷᠭᠠᠨ ᠬᠥᠮᠦᠵᠢᠯ ᠤᠨ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠪᠠᠭᠰᠢ ᠶᠢᠨ ᠡᠯ᠎ᠡ ᠵᠦᠢᠯ ᠤᠨ ᠨᠥᠬᠦᠪᠦᠷᠢ ᠶᠢ ᠪᠦᠬᠦᠨ ᠢ ᠪᠡᠶᠡᠯᠡᠭᠦᠯᠵᠦ᠂ ᠥᠨᠳᠥᠷ ᠳᠤᠮᠳᠠᠳᠤ ᠶᠢᠨ ᠰᠢᠯᠭᠠᠯᠲᠠ ᠶᠢᠨ ᠬᠢᠷᠢ ᠪᠦᠲᠦᠮᠵᠢ ᠶᠢ | ᠪᠥᠬᠦ ᠬᠤᠲᠠ ᠶᠢᠨ ᠨᠢᠭᠡᠳᠦᠭᠡᠷ ᠲᠤ ᠣᠷᠣᠭᠤᠯᠪᠠ᠃ ᠡᠷᠡᠭᠦᠯ ᠮᠡᠨᠳᠦ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠪᠣᠯᠣᠨ ᠠᠭᠤᠯᠠ ᠶᠢᠨ ᠡᠮᠦᠨᠡᠬᠢ ᠨᠠᠰᠤᠲᠠᠨ ᠢ ᠠᠰᠠᠷᠠᠬᠤ ᠬᠦᠷᠢᠶᠡᠯᠡᠩ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠠᠪᠤᠷᠠᠨ ᠵᠠᠰᠠᠬᠤ | ᠲᠥᠪ ᠤᠨ ᠭᠤᠣᠯ ᠴᠣᠭᠴᠠ ᠶᠢᠨ ᠣᠷᠣᠢ ᠶᠢ ᠪᠢᠲᠡᠭᠦᠯᠵᠦ᠂ ᠣᠯᠠᠨ ᠨᠡᠶᠢᠲᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠲᠠᠯᠠᠪᠠᠶ ᠶᠢᠨ ᠡᠵᠡᠩᠨᠡᠯᠲᠡ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠤᠨ ᠲᠥᠷᠥᠯ | ᠵᠦᠢᠯ ᠪᠠ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠵᠢᠱᠢᠶ᠎ᠡ ᠦᠵᠡᠭᠦᠯᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢ | ᠡᠮᠬᠢ ᠵᠢᠷᠤᠮ ᠲᠠᠢ ᠠᠬᠢᠭᠤᠯᠵᠤ᠂ ᠪᠡᠶ᠎ᠡ ᠶᠢᠨ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠰᠦᠢᠳᠭᠡᠯ ᠬᠤᠷᠢᠶᠠᠬᠤ ᠦᠭᠡᠢ ᠨᠡᠭᠡᠭᠡᠪᠡ᠃ ᠮᠠᠨ ᠤ | ᠬᠤᠰᠢᠭᠤ ᠲᠤᠮᠳᠠᠳᠤ ᠤᠯᠤᠰ ᠤᠨ ᠠᠷᠠᠳ ᠤᠨ ᠰᠤᠶᠤᠯ ᠤᠷᠠᠯᠢᠭ ᠤᠨ ᠨᠤᠳᠤᠭ ᠤᠨ ᠰᠢᠯᠢᠳᠡᠭ ᠬᠡᠷᠡᠭ ᠤᠨ ᠵᠢᠱᠢᠶ᠎ᠡ ᠬᠤᠰᠢᠭᠤ ᠪᠠᠷ ᠦᠨᠡᠯᠡᠭᠳᠡᠪᠡ᠃ ᠠᠶᠤᠯᠭᠦᠢ | ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠪᠠᠶᠢᠳᠠᠯ | ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠦᠨᠳᠦᠰᠦᠲᠡᠨ ᠨᠦᠭᠦᠳ ᠪᠦᠯᠬᠦᠮᠳᠡᠭᠰᠡᠨ᠂ ᠱᠠᠰᠢᠨ ᠰᠤᠷᠲᠠᠬᠤᠨ ᠡᠶ᠎ᠡ ᠵᠣᠬᠢᠴᠠᠯ ᠲᠠᠢ ᠪᠠᠶᠢᠬᠤ᠂ ᠨᠡᠶᠢᠭᠡᠮ ᠤᠨ ᠡᠶ᠎ᠡ | ᠵᠣᠬᠢᠴᠠᠯ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ᠂ ᠣᠯᠠᠨ ᠲᠦᠮᠡᠨ ᠤ | ᠪᠦᠯᠬᠦᠮ ᠤᠨ ᠠᠵᠢᠯ ᠰᠢᠨ᠎ᠡ ᠠᠮᠵᠢᠯᠲᠠ ᠣᠯᠵᠤ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠴᠦ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠬᠦᠯᠵᠦ᠂ ᠡᠯ᠎ᠡ ᠬᠤᠰᠢᠭᠤᠨ ᠳᠤ ᠰᠠᠭᠤᠭ᠎ᠠ ᠨᠢᠬᠡᠴᠢ ᠴᠣ᠋ ᠡᠮᠦᠨᠡᠳᠦ ᠬᠤᠰᠢᠭᠤᠨ ᠤ ᠠᠵᠤ ᠠᠬᠤᠢ ᠨᠡᠶᠢᠬᠡᠮ ᠤᠨ | ᠬᠦᠭᠵᠢᠯᠳᠡ ᠳᠤ ᠰᠢᠨ᠎ᠡ ᠬᠤᠪᠢ ᠨᠡᠮᠡᠬᠦᠷᠢ ᠪᠠᠨ ᠦᠵᠡᠬᠦᠯᠪᠡ᠃ | ᠰᠤᠷᠲᠠᠯ ᠤᠨ ᠪᠠᠶᠢᠭᠤᠯᠤᠯᠲᠠ ᠰᠢᠨ᠎ᠡ ᠴᠢᠩᠭᠠᠷᠠᠯᠲᠠ ᠲᠠᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠣᠷᠣᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠪᠡ᠃ | ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠬᠤ᠂ ᠴᠠᠭ ᠲᠤᠬᠠᠢ ᠳᠤᠨᠢ ᠰᠢᠯᠭᠠᠯᠲᠠ ᠶᠢᠨ ᠬᠠᠭᠤᠳᠠᠰᠤ ᠪᠠᠨ ᠲᠤᠰᠢᠶᠠᠬᠤ ᠤᠬᠠᠮᠰᠠᠷ ᠢ ᠴᠢᠩᠭᠠᠳᠬᠠᠵᠤ᠂ | ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠺᠠᠳ᠋ᠷᠴᠤᠳ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠴᠢᠳᠠᠮᠠᠭᠠᠢ ᠪᠠᠷ ᠠᠵᠢᠯ ᠬᠢᠬᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠳᠦᠷᠢ ᠲᠥᠷᠬᠦ ᠶᠢ ᠤᠯᠠᠮ ᠨᠢᠭᠡ ᠠᠯᠬᠤᠮ ᠪᠣᠰᠬᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ | ᠲᠦᠯᠬᠢᠨ ᠠᠬᠢᠭᠤᠯᠵᠤ᠂ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠶᠢ ᠨᠡᠩ ᠰᠢᠨᠵᠢᠯᠡᠬᠦ ᠤᠬᠠᠭᠠᠨᠴᠢ ᠪᠣᠯᠭᠠᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠨᠡᠩ ᠵᠢᠷᠤᠮᠵᠢᠭᠤᠯᠤᠨ᠂ ᠵᠠᠰᠠᠭ ᠤᠨ ᠣᠷᠳᠣᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ | ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠪᠠ᠃ ᠤᠨᠴᠠᠭᠠᠶᠢᠯᠠᠨ ᠮᠠᠷᠳᠠᠭᠳᠠᠰᠢ ᠦᠬᠡᠢ ᠪᠦᠬᠡᠳ ᠰᠡᠳᠬᠢᠯ ᠬᠦᠳᠡᠯᠬᠡᠮᠡᠷ ᠤᠴᠢᠷ ᠬᠡᠪᠡᠯ ᠬᠦᠨᠳᠦ ᠨᠣᠴᠢᠲᠠᠢ ᠬᠢᠵᠢᠭ ᠤᠨ ᠪᠠᠶᠢᠳᠠᠯ ᠤᠨ ᠡᠮᠦᠨ᠎ᠡ᠂ | ᠪᠦᠬᠦ ᠬᠤᠰᠢᠭᠤᠨ ᠤ ᠡᠯ᠎ᠡ ᠱᠠᠲᠤᠨ ᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠳᠠᠶᠢᠯᠠᠯᠳᠤᠭᠠᠨ ᠳᠤ ᠣᠷᠣᠯᠴᠠᠵᠤ᠂ ᠠᠶᠤᠯ ᠲᠦᠭᠰᠢᠭᠦᠷᠢ ᠠᠴᠠ ᠠᠶᠤᠬᠤ ᠦᠭᠡᠢ ᠪᠠᠷ | ᠂ ᠡᠮᠴᠢ ᠰᠤᠪᠢᠯᠠᠭᠴᠢ ᠠᠴᠠ ᠲᠤᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠬᠦᠷᠳᠡᠯ᠎ᠡ᠂ ᠰᠢᠶᠠᠩ ᠪᠠᠯᠭᠠᠰᠤ ᠨᠡᠶᠢᠭᠡᠮ ᠲᠣᠭᠤᠷᠢᠭ ᠤᠨ ᠠᠵᠢᠯᠳᠠᠨ ᠰᠠᠯᠠᠭ᠎ᠠ | ᠮᠦᠴᠢᠷ ᠤᠨ ᠺᠠᠳ᠋ᠷ ᠠᠵᠢᠯᠳᠠᠨ ᠬᠦᠷᠳᠡᠯ᠎ᠡ᠂ ᠰᠠᠶᠢᠨ ᠲᠤᠷ᠎ᠠ ᠶᠢᠨ ᠦᠢᠯᠡᠴᠢᠯᠡᠬᠡᠨ ᠤ ᠪᠦᠯᠬᠦᠮ ᠠᠴᠠ ᠨᠡᠶᠢᠬᠡᠮ ᠤᠨ ᠡᠯ᠎ᠡ ᠡᠳᠡᠬᠡᠳ ᠤᠨ ᠬᠦᠮᠦᠰ ᠬᠦᠷᠳᠡᠯ᠎ᠡ᠂ ᠪᠠᠭ᠎ᠠ | ᠬᠡᠷ ᠢᠶᠠᠨ ᠦᠷᠡᠭᠳᠡᠬᠦᠯᠵᠦ ᠤᠯᠠᠨ ᠤ ᠲᠦᠯᠦᠬᠡᠯᠡᠭᠴᠢᠳ ᠵᠢᠳᠬᠦᠵᠦ᠂ ᠪᠠᠭ᠎ᠠ ᠬᠠᠶᠢᠷ᠎ᠠ ᠶᠢ ᠬᠤᠷᠠᠮᠳᠤᠭᠤᠯᠤᠨ ᠶᠡᠭᠡ ᠬᠠᠶᠢᠷ᠎ᠠ ᠪᠤᠯᠭᠠᠵᠤ᠂ ᠡᠳᠦᠷ ᠰᠦᠨᠢ ᠶᠢ ᠢᠯᠭᠠᠯ | ᠦᠬᠡᠢ ᠬᠠᠬᠢᠷ ᠬᠦᠢᠳᠡᠨ ᠠᠴᠠ ᠬᠠᠯᠠᠰᠢᠷᠠᠬᠤ ᠦᠬᠡᠢ ᠸᠢᠷᠦ᠋ᠰ ᠠᠴᠠ ᠠᠶᠤᠬᠤ ᠦᠬᠡᠢ᠂ ᠦᠷᠬᠦᠯᠵᠢᠯᠡᠨ ᠲᠡᠮᠡᠴᠡᠵᠦ᠂ ᠠᠷᠠᠳ ᠣᠯᠠᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠤᠳ ᠤᠨ ᠡᠷᠡᠬᠦᠯ ᠮᠠᠨᠳᠦ ᠶᠢ ᠰᠠᠬᠢᠨ ᠬᠠᠮᠠᠭᠠᠯᠠᠪᠠ᠃ ᠪᠦᠬᠦᠳᠡᠬᠡᠷ ᠢᠶᠠᠨ ᠪᠤᠳᠠᠳᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠠᠨ | ᠦᠢᠯᠡᠳᠦᠯᠬᠡᠵᠢᠬᠦᠯᠵᠦ ᠂ ᠬᠠᠷᠢᠭᠤᠴᠠᠯᠭ᠎ᠠ ᠡᠭᠦᠦᠷᠬᠡᠯᠡᠬᠦ ᠪᠠᠷ ᠲᠤᠰᠢᠶᠠᠯ ᠢᠶᠠᠨ ᠬᠦᠢᠴᠡᠳᠬᠡᠵᠦ᠂ ᠪᠠᠳᠤ ᠴᠢᠩᠭ᠎ᠠ ᠰᠤᠷᠳᠠᠯ ᠢᠶᠠᠷ ᠴᠤᠭ ᠵᠢᠪᠬᠤᠭ᠎ᠠ ᠪᠠᠨ ᠢᠯᠡᠷᠡᠭᠦᠯᠪᠡ᠃ | ᠲᠠ ᠨᠠᠷ ᠪᠤᠯᠢ ᠪᠤᠭᠤᠮᠳᠠ ᠶᠢᠨ ᠭᠠᠳᠠᠨᠠᠬᠢ ᠡᠨᠡ ᠬᠦ᠋ ᠵᠢᠵᠢᠭ ᠬᠤᠳᠠ ᠶᠢᠨ ᠬᠠᠮᠤᠭ ᠤᠨ ᠭᠤᠶᠤ ᠤᠷᠤᠭᠯᠠᠨ ᠦᠬᠦᠯᠡᠭᠴᠢ ᠪᠤᠯᠤᠨ᠎ᠠ᠃᠂ | ᠲᠥᠯᠥᠭᠡᠯᠡᠭᠴᠢᠳ ᠠ᠋ ︕ ᠥᠩᠭᠡᠷᠡᠭᠰᠡᠨ ᠨᠢᠭᠡ ᠵᠢᠯ ᠳᠤ᠂ ᠪᠢᠳᠡ ᠰᠠᠯᠬᠢ ᠪᠣᠷᠣᠭᠠᠨ ᠠᠴᠠ ᠠᠶᠤᠬᠤ ᠦᠭᠡᠢ ᠪᠠᠷ᠂ ᠦᠨᠡᠨ ᠪᠣᠳᠠᠲᠠᠢ ᠠᠵᠢᠯᠯᠠᠬᠤ ᠪᠠᠷ | ᠡᠷᠡᠰ ᠰᠢᠭᠤᠷᠬᠠᠢ ᠪᠠᠷ ᠤᠷᠤᠭᠰᠢᠯᠠᠭᠰᠠᠨ ᠪᠣᠯᠬᠤᠷ ᠠᠯᠬᠤᠮ ᠪᠦᠷᠢ ᠳᠤ ᠴᠥᠮ ᠲᠡᠶᠢᠮᠦ ᠬᠢᠯᠪᠠᠷ ᠪᠢᠰᠢ ᠶᠤᠮ︔ ᠨᠢᠭᠡ ᠵᠢᠯ ᠤᠨ ᠬᠥᠭᠵᠢᠯᠲᠡ ᠳᠤ ᠪᠢᠳᠡ ᠰᠢᠨᠲᠠᠷᠠᠰᠢ | ᠦᠭᠡᠢ ᠴᠢᠷᠮᠠᠶᠢᠵᠤ᠂ ᠬᠦᠴᠦ ᠬᠥᠯᠥᠰᠦ ᠪᠠᠨ ᠰᠢᠪᠬᠠᠨ ᠬᠤᠷᠢᠶᠠᠯᠲᠠ ᠪᠠᠨ ᠬᠤᠷᠢᠶᠠᠭᠰᠠᠨ ᠪᠣᠯᠬᠤᠷ ᠬᠥᠮᠥᠨ ᠪᠦᠬᠦᠨ ᠴᠥᠮ ᠠᠮᠠᠷ ᠦᠭᠡᠢ ᠶᠤᠮ᠃ ᠠᠳᠡ᠂ ᠪᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠡᠯ᠎ᠡ ᠠᠵᠢᠯ ᠲᠦᠷᠦᠯ᠂ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ | ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ᠂ ᠪᠦᠬᠦ ᠠᠷᠠᠳ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ | ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠵᠢᠴᠢ ᠡᠮᠦᠨᠡᠲᠦ ᠬᠤᠰᠢᠭᠤᠨ ᠤ ᠪᠦᠲᠦᠭᠡᠨ | ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠪᠣᠳᠣᠯᠬᠢᠯᠠᠪᠠᠰᠤ ᠪᠡᠯᠡᠳᠬᠡᠯ ᠲᠠᠢ ᠪᠠᠶᠢᠬᠤ ᠬᠡᠷᠡᠭᠲᠡᠢ᠃ ᠣᠳᠣᠬᠠᠨ ᠳᠤ | ᠮᠠᠨ ᠤ ᠬᠤᠰᠢᠭᠤ ᠶᠠᠭ ᠳᠠᠪᠠᠭ᠎ᠠ ᠶᠢ ᠳᠠᠪᠠᠵᠤ ᠬᠦᠴᠢᠷ ᠪᠡᠷᠬᠡ ᠶᠢ ᠲᠤᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ ᠭᠡᠳᠡᠭ ᠢ ᠪᠢᠳᠡ | ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠥᠨᠬᠦ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠳᠤ | ᠲᠤᠯᠭᠠᠷᠠᠵᠤ ᠪᠠᠶᠢᠨ᠎ᠠ᠄ ᠨᠢᠭᠡ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠰᠠ ᠲᠡᠶᠢᠮᠦ ᠶᠡᠭᠡ ᠪᠢᠰᠢ᠂ ᠲᠡᠦᠬᠡᠨ ᠳᠠᠬᠢ ᠥᠷᠢᠲᠦᠯ ᠮᠥᠨᠬᠦ ᠨᠡᠯᠢᠶᠡᠳ ᠤᠯᠠᠨ | ᠪᠠᠶᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠠᠯᠬᠤᠴᠠ ᠤᠳᠠᠭᠠᠨ᠂ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠢ | ᠨᠠᠷᠢᠯᠢᠭ ᠡᠳ᠋ᠰᠢᠯᠡᠭᠦᠯᠬᠦ ᠪᠠᠷ ᠬᠦᠷᠦᠯᠴᠡᠬᠦ ᠦᠬᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠷᠢᠴᠠᠯ ᠪᠠᠷ ᠪᠠᠭ᠎ᠠ᠂ | ᠲᠤᠯᠭᠠᠭᠤᠷᠢᠯᠠᠭᠤᠯᠬᠤ ᠠᠵᠤ ᠦᠢᠯᠡᠰ ᠤᠨ ᠬᠡᠯᠬᠢᠶᠡᠰᠦ ᠤᠩᠬᠤᠷ᠂ ᠦᠢᠯᠡᠳᠬᠦᠨ ᠤᠨ ᠨᠡᠮᠡᠬᠦᠷᠢ ᠦᠷᠳᠡᠭ ᠲᠤᠤᠷ᠎ᠠ᠂ ᠵᠠᠬ᠎ᠠ ᠲᠡᠯᠬᠡᠬᠦᠷ ᠤᠨ ᠦᠷᠢᠰᠦᠯᠳᠦᠬᠡᠨ ᠢᠶᠠᠷ | ᠪᠠᠭᠤᠷᠠᠢ ᠪᠠᠶᠢᠨ᠎ᠠ᠃ ᠬᠤᠶᠠᠷ ᠲᠤ ᠠᠷᠠᠳ ᠤᠨ ᠠᠮᠢᠳᠤᠷᠠᠯ ᠤᠨ ᠪᠠᠲᠤᠯᠠᠭ᠎ᠠ ᠮᠥᠨ ᠯᠡ ᠳᠣᠣᠷ᠎ᠠ ᠲᠦᠪᠰᠢᠨ ᠳᠤ ᠪᠠᠶᠢᠵᠤ᠂ ᠬᠤᠳᠠ ᠬᠥᠳᠡᠭᠡ ᠶᠢᠨ ᠡᠮ ᠡᠮᠨᠡᠯᠭᠡ᠂ | ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ ᠳᠤᠲᠠᠭᠤᠳᠠᠯ ᠢ ᠪᠠᠰᠠ ᠲᠦᠷᠭᠡᠪᠴᠢᠯᠡᠨ ᠨᠥᠬᠦᠪᠦᠷᠢᠯᠡᠬᠦ ᠴᠢᠬᠤᠯᠠᠲᠠᠢ ᠪᠠᠶᠢᠵᠤ᠂ | ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ᠂ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠭᠤᠷᠪᠠ ᠳᠤ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠶᠢ | ᠪᠠᠰᠠ ᠤᠷᠳᠤ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠᠲᠠᠢ ᠪᠠᠶᠢᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠬᠤ᠂ ᠲᠠᠷᠢᠶᠠᠯᠠᠩ ᠤᠨ ᠤᠯᠠᠨ ᠡᠬᠢᠲᠦ | ᠪᠣᠬᠢᠷᠳᠤᠯ᠂ ᠬᠤᠳᠠ ᠪᠠᠯᠭᠠᠰᠤᠨ ᠤ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠠᠰᠠ ᠬᠦᠴᠦᠲᠡᠢ | ᠠᠬᠢᠭᠤᠯᠬᠤ ᠴᠢᠬᠤᠯᠠᠲᠠᠢ ᠪᠠᠶᠢᠨ᠎ᠠ᠃ ᠳᠥᠷᠪᠡ ᠳᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠ ᠰᠢᠨ᠎ᠡ ᠶᠢ ᠡᠭᠦᠳᠬᠦ ᠴᠢᠳᠠᠪᠤᠷᠢ ᠪᠠᠰᠠ | ᠬᠦᠷᠦᠯᠴᠡᠬᠦ ᠦᠭᠡᠢ ᠪᠠᠶᠢᠨ᠎ᠠ ᠃ ᠵᠠᠷᠢᠮ ᠺᠠᠳ᠋ᠷ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢ ᠵᠣᠷᠢᠭ ᠭᠦᠢᠴᠡᠳ ᠦᠭᠡᠢ᠂ ᠠᠵᠢᠯ ᠤᠨ ᠴᠢᠳᠠᠪᠤᠷᠢ ᠴᠢᠩᠭ᠎ᠠ | ᠪᠢᠰᠢ᠂ ᠵᠣᠷᠢᠭᠲᠠᠢ ᠰᠡᠳᠬᠢᠵᠦ ᠵᠣᠷᠢᠭᠲᠠᠢ ᠬᠢᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠰᠥᠰᠥ ᠵᠣᠷᠢᠭ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ | ᠬᠦᠷᠦᠯᠴᠡᠬᠦ ᠦᠭᠡᠢ ᠲᠠᠯ᠎ᠠ ᠪᠠᠨ ᠮᠡᠳᠡᠭᠡᠳ ᠦᠷᠭᠦᠯᠵᠢᠯᠡᠨ ᠤᠷᠤᠭᠰᠢᠯᠠᠵᠤ᠂ ᠪᠡᠷᠬᠡ ᠪᠠᠷᠲᠠᠭ᠎ᠠ ᠶᠢ ᠪᠠᠷᠠᠯᠠᠨ ᠬᠦᠴᠦᠯᠡᠨ ᠴᠢᠷᠮᠠᠶᠢᠵᠤ᠂ ᠪᠢᠳᠡ ᠯᠠᠪᠳᠠᠶ᠎ᠠ ᠬᠦᠴᠢᠷ | ᠪᠡᠷᠬᠡᠰᠢᠶᠡᠯ ᠪᠠ ᠠᠰᠠᠭᠤᠳᠠᠯ ᠳᠤ ᠵᠥᠪ ᠢᠶᠠᠷ ᠬᠠᠨᠳᠤᠵᠤ᠂ ᠨᠡᠩ ᠬᠦᠴᠦᠲᠡᠢ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠦᠬᠦ ᠬᠦᠴᠦᠨ ᠴᠢᠳᠠᠯ ᠢᠶᠠᠨ | ᠰᠢᠪᠬᠠᠨ ᠠᠵᠢᠯ ᠢᠶᠠᠨ ᠰᠠᠶᠢᠵᠢᠷᠠᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠷ ᠴᠢᠷᠮᠠᠶᠢᠨ᠎ᠠ᠃ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ | ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠵᠢᠯ ᠪᠠᠶᠢᠵᠤ᠂ ᠪᠥᠬᠦ ᠵᠢᠯ ᠤᠨ ᠠᠵᠢᠯ ᠢ ᠰᠠᠶᠢᠲᠤᠷ ᠬᠢᠬᠦ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠢᠳᠡ ᠬᠤᠰᠢᠭᠤ ᠨᠠᠮ ᠤᠨ ᠬᠤᠷᠢᠶᠠᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ ᠪᠠ | ᠭᠤᠣᠯᠳᠠᠯᠭ᠎ᠠ ᠲᠠᠢ ᠡᠭᠦᠷᠭᠡ ᠶᠢᠨ ᠶᠣᠰᠣᠭᠠᠷ᠂ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠯ᠎ᠡ ᠲᠥᠷᠥᠯ ᠤᠨ ᠠᠵᠢᠯ | ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠡᠨᠡ ᠵᠢᠯ ᠤᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠣᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠣᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠣᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠬᠤᠲᠠ ᠶᠢᠨ ᠨᠠᠮ ᠤᠨ ᠬᠤᠷᠢᠶᠠᠨ ᠤ ︽ᠲᠠᠪᠤᠨ ᠥᠨᠳᠥᠷ ᠲᠠᠪᠤᠨ ᠰᠢᠨ᠎ᠡ︾ ᠲᠡᠮᠡᠴᠡᠬᠦ ᠬᠠᠷᠠᠯᠲᠠ ᠲᠠᠢ ᠨᠢᠭᠲᠠ | ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠮᠠᠨ ᠤ ᠬᠤᠰᠢᠭᠤᠨ ᠤ ︽ᠵᠢᠷᠭᠤᠭᠠᠨ | ᠬᠥᠭᠵᠢᠯᠲᠡ ᠶᠢᠨ ᠪᠠᠶᠢᠷᠢ ᠲᠣᠭᠲᠠᠭᠠᠯᠲᠠ︾᠂ ︽ᠨᠠᠢᠮᠠᠨ ᠵᠦᠢᠯ ᠤᠨ ᠭᠤᠤᠯᠳᠠᠯᠭ᠎ᠠ ᠲᠠᠢ ᠡᠭᠦᠷᠭᠡ︾ ᠶᠢᠨ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠢᠶᠠᠨ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠠᠨ ᠪᠤᠯᠭᠠᠨ᠂ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠡᠯ᠎ᠡ ᠲᠥᠷᠥᠯ ᠤᠨ ᠡᠬᠢ ᠪᠠᠶᠠᠯᠢᠭ ᠤᠨ ᠳᠠᠪᠠᠭᠤᠯᠢᠭ ᠢ ᠬᠦᠢᠴᠡᠳ ᠠᠭᠤᠳᠠᠯᠤᠨ ᠠᠰᠢᠭᠯᠠᠵᠤ | ᠂ ᠰᠢᠨ᠎ᠡ ᠴᠠᠭ ᠦᠶ᠎ᠡ ᠳᠤ ᠮᠣᠷᠳᠠᠵᠤ᠂ ︽ᠵᠡᠭᠦᠨ ᠶᠡᠭᠡ ᠡᠭᠦᠳᠡ︾ ᠶᠢ ᠬᠦᠴᠦᠷᠬᠡᠭᠵᠢᠭᠦᠯᠦᠨ᠂ ︽ᠦᠢᠯᠡᠰ ᠢᠶᠠᠨ ᠬᠥᠭᠵᠢᠭᠦᠯᠵᠦ᠂ ᠠᠷᠠᠳ ᠢᠶᠠᠨ ᠪᠠᠶᠠᠵᠢᠭᠤᠯᠤᠨ | ᠴᠢᠨᠡᠭᠡᠯᠢᠭᠵᠢᠬᠦᠯᠵᠦ᠂ ᠦᠵᠡᠮᠵᠢ ᠭᠤᠶᠣ ᠬᠥᠮᠦᠨ ᠨᠠᠶᠢᠷᠠᠮᠳᠠᠭᠤ᠂ ᠠᠭᠤᠰᠤᠯᠴᠠᠨ ᠨᠡᠭᠡᠭᠡᠯᠲᠡ ᠬᠢᠬᠦ︾ ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤ ᠶᠢ ᠪᠥᠬᠦ | ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ | ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6 % ᠪᠠᠷ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 5 % ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10 % ᠪᠠᠷ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 6 % ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7 %᠂ 8 % ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 6 % ᠪᠠᠷ ᠨᠡᠮᠡᠭᠳᠡᠭᠦᠯᠵᠦ᠂ ᠳᠡᠭᠡᠳᠦ ᠱᠠᠲᠤᠨ ᠠᠴᠠ ᠪᠠᠭᠤᠯᠭᠠᠭᠰᠠᠨ ᠪᠣᠬᠢᠷᠲᠤᠯ ᠥᠬᠡᠶ ᠳᠤᠤᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠬᠦᠢᠴᠡᠳᠭᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠳᠡᠭᠡᠷᠡᠬᠢ ᠬᠠᠷᠠᠯᠲᠠ ᠶᠢ ᠲᠣᠭᠲᠠᠭᠠᠬᠤ ᠳᠤ᠂ ᠪᠢᠳᠡ | ᠳᠠᠪᠠᠭᠤᠯᠢᠭ ᠲᠠᠯ᠎ᠠ ᠪᠠ ᠲᠠᠯᠳᠠ ᠴᠢᠳᠠᠪᠤᠷᠢ ᠪᠠᠨ ᠭᠦᠢᠴᠡᠳ ᠪᠣᠳᠣᠯᠬᠢᠯᠠᠵᠤ᠂ ᠬᠦᠴᠢᠷᠳᠡᠯ ᠪᠠ ᠰᠢᠯᠭᠠᠯᠲᠠ ᠶᠢ ᠤᠷᠢᠳᠴᠢᠯᠠᠨ ᠮᠠᠭᠠᠳᠯᠠᠵᠤ᠂ ᠵᠢᠱᠢᠯᠲᠡ ᠶᠢ | ᠬᠥᠳᠤᠯᠤᠨ ᠵᠢᠯᠣᠭᠤᠳᠴᠣ᠂ ᠢᠲᠡᠭᠡᠯ ᠵᠣᠷᠢᠭ ᠢᠶᠠᠨ ᠬᠦᠪᠴᠢᠯᠡᠵᠦ᠂ ᠬᠦᠴᠦᠨ ᠴᠢᠳᠠᠯ ᠢᠶᠠᠨ ᠨᠢᠭᠲᠠᠷᠠᠭᠤᠯᠬᠤ ᠳᠤ ᠠᠰᠢᠭᠲᠠᠢ ᠶᠤᠮ᠂ ᠬᠠᠷᠠᠯᠲᠠ ᠪᠣᠯ ᠢᠳᠡᠪᠬᠢᠲᠡᠢ | ᠪᠥᠭᠡᠳ ᠪᠠᠰᠠ ᠬᠦᠷᠴᠦ ᠴᠢᠳᠠᠬᠤ ᠶᠤᠮ᠂ ᠭᠡᠪᠡᠴᠦ ᠨᠡᠩ ᠤᠯᠠᠨ ᠬᠠᠲᠠᠭᠤ ᠪᠡᠷᠬᠡᠰᠢᠶᠡᠯ ᠪᠠ ᠴᠢᠷᠮᠠᠶᠢᠯᠭ᠎ᠠ ᠭᠠᠷᠭᠠᠬᠤ ᠴᠢᠬᠤᠯᠠᠲᠠᠢ ᠶᠤᠮ᠃ ᠳᠡᠭᠡᠷ᠎ᠡ ᠳᠤᠷᠠᠳᠤᠭᠰᠠᠨ | ᠬᠠᠷᠠᠯᠲᠠ ᠶᠢ ᠪᠡᠶᠡᠯᠡᠭᠦᠯᠬᠦ ᠳᠤ᠂ ᠳᠣᠣᠷᠠᠬᠢ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠥᠷᠭᠡᠳᠬᠡᠬᠦ ᠶᠢ ᠬᠦᠴᠦᠲᠡᠶ ᠠᠳᠬᠤᠵᠤ᠂ ᠠᠵᠤ ᠠᠬᠤᠶ ᠶᠢᠨ ᠨᠡᠮᠡᠭᠳᠡᠯ ᠤᠨ ᠰᠢᠨ᠎ᠡ ᠬᠥᠳᠡᠯᠭᠡᠬᠦ | ᠬᠦᠴᠦᠨ ᠢ ᠪᠤᠶᠢᠵᠢᠭᠤᠯᠤᠨ᠎ᠠ᠃ ᠪᠠᠯᠠ ᠣᠷᠣᠭᠤᠯᠤᠯᠲᠠ ᠶᠢ ᠠᠳᠬᠤᠬᠤ ᠪᠣᠯ ᠬᠥᠭᠵᠢᠯᠲᠡ ᠶᠢ ᠠᠳᠬᠤᠬᠤ ᠶᠠᠪᠤᠳᠠᠯ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ | ᠪᠣᠯᠭᠠᠵᠤ᠂ ᠲᠦᠷᠦᠯ ᠵᠦᠢᠯ ᠳᠤ ᠲᠦᠰᠢᠭᠯᠡᠨ ᠪᠡᠯᠡ ᠣᠷᠣᠭᠤᠯᠤᠯᠲᠠ ᠶᠢ ᠲᠠᠶᠢᠴᠢᠯᠠᠵᠤ᠂ ᠪᠡᠯᠡ ᠣᠷᠣᠭᠤᠯᠤᠯᠲᠠ ᠪᠠᠷ ᠨᠡᠮᠡᠭᠳᠡᠯ ᠢ ᠠᠬᠢᠭᠤᠯᠵᠤ᠂ ᠲᠦᠷᠦᠯ ᠵᠦᠢᠯ ᠤᠨ | ︽ᠤᠷᠤᠭᠰᠢᠯᠠᠯᠲᠠ︾ ᠪᠠᠷ ᠠᠵᠤ ᠠᠬᠤᠢ ᠶᠢᠨ ︽ᠲᠣᠭᠲᠠᠭᠤᠨ︾ ᠢ ᠠᠬᠢᠭᠤᠯᠤᠨ᠎ᠠ᠃ | ᠴᠢᠬᠤᠯᠠ ᠶᠡᠭᠡ ᠲᠥᠷᠥᠯ ᠵᠦᠢᠯ ᠢ ᠪᠦᠬᠦ ᠬᠦᠴᠦᠨ ᠢᠶᠠᠷ ᠲᠡᠳᠡᠨ ᠣᠷᠣᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ︽ᠡᠬᠢ ᠰᠤᠷᠪᠤᠯᠵᠢ︾ | ᠪᠠᠨ ᠪᠣᠯᠭᠠᠵᠤ᠂ ᠪᠦᠬᠦ ᠠᠵᠢᠯᠲᠠᠨ᠂ ᠪᠦᠬᠦ ᠣᠷᠣᠨ ᠪᠦᠰᠡ᠂ ᠪᠦᠬᠦ ᠡᠯᠧᠮᠧᠨ᠋ᠲ ᠤᠨ ᠬᠤᠳᠠᠯᠳᠤᠭᠠᠴᠢᠨ ᠤᠷᠢᠬᠤ ᠠᠭᠤᠷ ᠠᠮᠢᠰᠬᠤᠯ ᠢ ᠪᠣᠢ ᠪᠣᠯᠭᠠᠵᠤ᠂ 30 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠭᠠᠳᠠᠨ᠎ᠠ ᠠᠴᠠ ᠲᠥᠷᠥᠯ ᠵᠦᠢᠯ ᠢ ᠲᠠᠲᠠᠨ᠎ᠠ᠃ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠥᠭᠵᠢᠨ | ᠪᠤᠵᠠᠭᠠᠶᠢᠷᠬᠠᠤ ᠪᠠ ᠤᠯᠠᠮᠵᠢᠯᠠᠯᠲᠤ ᠠᠵᠤ ᠦᠢᠯᠡᠰ ᠢ ᠤᠷᠲᠤᠳᠬᠠᠨ ᠢᠵᠢ ᠪᠦᠷᠢᠳᠦᠭᠦᠯᠬᠦ ᠶᠢᠨ ᠲᠣᠭᠤᠷᠢᠨ ᠳᠤ᠂ ᠲᠣᠬᠠᠢ ᠶᠢᠨ ᠭᠠᠵᠠᠷ ᠲᠤ ᠨᠢ ᠬᠦᠷᠴᠣ | ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ ᠶᠢ ᠢᠳᠡᠪᠬᠢᠲᠡᠢ | ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠭᠦᠸᠧ ᠱᠧᠩ ᠰᠢᠨ᠎ᠡ ᠡᠨᠧᠷᠭᠢ᠂ ᠵᠦᠩ ᠾᠧ ᠸᠠᠨ ᠵᠢᠶᠠ ᠣᠳᠣᠬᠢᠴᠢᠯᠠᠭᠰᠠᠨ ᠲᠠᠷᠢᠶᠠᠯᠠᠩ ᠤᠨ | ᠪᠡᠯᠡ ᠣᠷᠣᠭᠤᠯᠤᠯᠲᠠ ᠶᠢᠨ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠬᠤᠶᠠᠷ ᠭᠤᠣᠯᠳᠠᠯᠭ᠎ᠠ ᠲᠠᠢ ᠲᠥᠷᠥᠯ ᠵᠦᠢᠯ ᠢ ᠮᠠᠨ ᠤ ᠬᠤᠰᠢᠭᠤᠨ ᠳᠤ | ᠰᠠᠭᠤᠷᠢᠰᠢᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠪᠡᠯᠡ ᠣᠷᠣᠭᠤᠯᠬᠤ ᠰᠠᠨᠠᠮᠵᠢ ᠲᠠᠢ ᠶᠢ ᠨᠢ ᠳᠠᠷᠦ᠋ᠢᠬᠠᠨ ᠭᠡᠷ᠎ᠡ | ᠲᠣᠭᠲᠠᠨ ᠨᠠᠶᠢᠳᠠᠪᠤᠷᠢᠵᠢᠭᠤᠯᠬᠤ ᠶᠢ ᠠᠬᠢᠭᠤᠯᠤᠨ᠂ ᠨᠢᠭᠡᠨᠲᠡ ᠭᠡᠷ᠎ᠡ ᠲᠣᠭᠲᠠᠭᠰᠠᠨ ᠢ ᠨᠢ ᠲᠦᠷᠭᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠨᠢᠭᠡᠨᠲᠡ ᠠᠵᠢᠯ | ᠡᠬᠢᠯᠡᠭᠦᠯᠦᠭᠰᠡᠨ ᠢ ᠨᠢ ᠲᠦᠷᠭᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠲᠥᠷᠥᠯ ᠵᠦᠢᠯ ᠤᠨ ᠭᠡᠷ᠎ᠡ ᠬᠦᠢᠴᠡᠳᠭᠡᠭᠦ ᠨᠣᠷᠮ᠎ᠠ ᠪᠣᠯᠤᠨ ᠪᠡᠯᠡ | ᠮᠥᠩᠭᠦ ᠶᠢᠨ ᠪᠣᠳᠠᠲᠠᠶᠢᠵᠢᠭᠤᠯᠬᠤ ᠨᠣᠷᠮ᠎ᠠ ᠶᠢ ᠲᠠᠰᠤᠷᠠᠯᠲᠠ ᠤᠢᠭᠡᠢ ᠳᠡᠭᠡᠭᠰᠢᠯᠡᠬᠦᠯᠦᠨ᠎ᠡ᠃ ᠲᠡᠭᠡᠷ᠎ᠡ ᠠᠴᠠ ᠰᠢᠯᠢᠳᠡᠭ ᠲᠥᠷᠥᠯ ᠵᠦᠢᠯ ᠢ ᠲᠡᠮᠡᠴᠡᠨ ᠤᠯᠤᠨ᠎ᠠ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ | ᠵᠠᠰᠠᠬᠤ ᠣᠷᠣᠨ ᠤ 8 ᠠᠵᠤ ᠦᠢᠯᠡᠰ ᠤᠨ ᠲᠥᠪᠯᠡᠷᠡᠯ ᠪᠣᠯᠤᠨ 12 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠲᠥᠪᠯᠡᠷᠡᠭᠦᠯᠦᠨ ᠪᠠᠶᠢᠭᠤᠯᠬᠤ | ᠲᠥᠷᠥ ᠶᠢᠨ ᠪᠣᠳᠣᠯᠭ᠎ᠠ ᠶᠢᠨ ᠲᠣᠬᠢᠶᠠᠯ ᠵᠢᠴᠢ ᠢᠵᠢ ᠪᠦᠷᠢᠳᠦᠭᠦᠯᠦᠨ ᠨᠡᠶᠢᠲᠡᠯᠡᠭᠰᠡᠨ ᠠᠵᠤ ᠦᠢᠯᠡᠰ ᠢ ᠲᠡᠳᠬᠦᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠣᠬᠢᠶᠠᠯ ᠢ ᠴᠢᠩᠭ᠎ᠠ | ᠠᠳᠬᠤᠵᠤ᠂ ᠲᠥᠷᠥᠯ ᠵᠦᠢᠯ ᠮᠡᠳᠡᠭᠦᠯᠬᠦ ᠬᠠᠮᠢᠶ᠎ᠠ ᠪᠦᠬᠦᠢ ᠴᠢᠬᠤᠯᠠ ᠨᠥᠬᠦᠴᠡᠯ ᠢ ᠤᠷᠢᠳᠴᠢᠯᠠᠨ ᠪᠡᠯᠳᠭᠡᠵᠦ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ | ᠦᠢᠯᠡᠳᠪᠦᠷᠢ᠂ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠵᠡᠷᠭᠡ ᠴᠢᠬᠤᠯᠠ ᠶᠡᠭᠡ ᠲᠥᠷᠥᠯ ᠵᠦᠢᠯ ᠢ ᠮᠠᠨ ᠤ ᠬᠤᠰᠢᠭᠤᠨ ᠳᠤ ᠰᠠᠭᠤᠷᠢᠰᠢᠭᠤᠯᠵᠤ ᠂ ᠨᠠᠩ | ᠣᠯᠠᠨ ᠪᠣᠳᠠᠲᠠᠶ ᠪᠠᠯᠠ ᠣᠷᠣᠭᠤᠯᠤᠯᠲᠠ ᠶᠢᠨ ᠬᠡᠮᠵᠢᠶ᠎ᠡ ᠶᠢ ᠪᠣᠶ ᠪᠣᠯᠭᠠᠨ᠎ᠠ᠃ | ᠴᠢᠬᠤᠯᠠ ᠶᠡᠭᠡ ᠲᠥᠷᠥᠯ ᠵᠦᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠲᠥᠷᠥᠯ ᠵᠦᠢᠯ ᠤᠨ ᠪᠠᠯᠠ ᠣᠷᠣᠭᠤᠯᠤᠯᠲᠠ ᠪᠠᠷ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠵᠤ᠂ ᠪᠥᠬᠦ ᠵᠢᠯ ᠳᠤ 32 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 50 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠬᠦᠯᠦᠨ᠎ᠡ᠃ ᠰᠢᠨ᠎ᠡ ᠮᠠᠲ᠋ᠧᠷᠢᠶᠠᠯ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠠᠵᠤ ᠦᠢᠯᠡᠰ ᠤᠨ | ᠬᠥᠭᠵᠢᠯᠲᠡ ᠶᠢᠨ 10 ᠲᠥᠷᠥᠯ ᠵᠦᠢᠯ ᠢ ᠬᠡᠷᠡᠭᠵᠢᠭᠦᠯᠵᠦ᠂ 31.8 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠬᠦᠯᠵᠦ᠂ ︽ | ᠭᠡᠷᠡᠯ ᠡᠨᠧᠷᠭᠢ ᠬᠠᠳᠠᠭᠠᠯᠠᠬᠤ + ᠠᠮᠢ ᠠᠬᠤᠢ ᠶᠢᠨ ᠵᠠᠰᠠᠯᠲᠠ︾᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠡᠨᠧᠷᠭᠢ ᠶᠢᠨ 2 ᠲᠥᠷᠥᠯ ᠵᠦᠢᠯ ᠢ ᠬᠡᠷᠡᠭᠵᠢᠭᠦᠯᠵᠦ᠂ 8. | 4 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠬᠦᠯᠵᠦ᠂ ᠠᠷᠢᠭᠤᠨ ᠴᠡᠪᠡᠷᠴᠢ ᠳᠤᠯᠠᠭᠠᠯᠠᠭ᠎ᠠ᠂ ᠪᠣᠬᠢᠷ ᠤᠰᠤ ᠶᠢ ᠰᠢᠢᠳᠪᠦᠷᠢᠯᠡᠬᠦ | ᠵᠡᠷᠭᠡ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ 2 ᠲᠥᠷᠥᠯ ᠵᠦᠢᠯ ᠢ ᠬᠡᠷᠡᠭᠵᠢᠭᠦᠯᠵᠦ᠂ 5.6 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠶᠢ ᠪᠡᠶᠡᠯᠡᠬᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠦᠮᠡᠨ ᠰᠠᠭᠠᠯᠢ ᠶᠢᠨ ᠦᠨᠢᠶᠡᠨ ᠤ ᠰᠠᠭᠤᠷᠢᠨ ᠭᠠᠵᠠᠷ ᠵᠡᠷᠭᠡ 6 ᠲᠥᠷᠥᠯ | ᠵᠦᠢᠯ ᠢ ᠬᠡᠷᠡᠭᠵᠢᠭᠦᠯᠵᠦ᠂ 1.5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠬᠦᠯᠵᠦ︔ ᠰᠤᠷᠭᠠᠨ ᠬᠥᠮᠦᠵᠢᠯ ᠰᠢᠨᠵᠢᠯᠡᠬᠦ ᠤᠬᠠᠭᠠᠨ | ᠰᠣᠶᠣᠯ ᠡᠷᠡᠭᠦᠯ ᠬᠠᠮᠠᠭᠠᠯᠠᠯ ᠨᠡᠶᠢᠭᠡᠮ ᠤᠨ ᠦᠢᠯᠡᠰ ᠤᠨ 4 ᠲᠥᠷᠥᠯ ᠵᠦᠢᠯ ᠢ ᠬᠡᠷᠡᠭᠵᠢᠭᠦᠯᠵᠦ᠂ 1.5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠶᠢ ᠪᠡᠶᠡᠯᠡᠬᠦᠯᠦᠨ᠎ᠡ︔ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ 7 ᠲᠥᠷᠥᠯ | ᠵᠦᠢᠯ ᠢ ᠬᠡᠷᠡᠭᠵᠢᠭᠦᠯᠵᠦ᠂ 1.5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠬᠦᠯᠦᠨ᠎ᠡ᠃ ᠪᠤᠭᠤᠲᠤ ᠠᠴᠠ ᠢᠷᠭᠠᠢ ᠬᠦᠷᠬᠦ | ᠲᠦᠷᠭᠡᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 215 ᠮᠤᠵᠢ ᠶᠢᠨ ᠲᠡᠰ ᠤᠨ ᠵᠠᠰᠠᠮᠠᠯ ᠵᠠᠮ ᠤᠨ ᠪᠠᠷᠢᠯᠭ᠎ᠠ ᠳᠠᠭᠤᠰᠴᠤ | ᠲᠡᠷᠭᠡ ᠨᠡᠪᠲᠡᠷᠡᠬᠦ ᠶᠢ ᠠᠬᠢᠭᠤᠯᠤᠨ᠂ 3.8 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠬᠦᠯᠦᠨ᠎ᠡ᠃ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠢᠬᠤᠯᠠ ᠶᠡᠭᠡ ᠲᠥᠷᠥᠯ ᠵᠦᠢᠯ ᠳᠤ ᠦᠢᠯᠡᠴᠢᠯᠡᠨ᠎ᠡ᠃ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠤᠷᠢᠳᠴᠢᠯᠠᠨ | ᠦᠢᠯᠡᠴᠢᠯᠡᠬᠦ᠂ ᠪᠡᠶ᠎ᠡ ᠪᠠᠷ ᠢᠶᠠᠨ ᠦᠢᠯᠡᠴᠢᠯᠡᠬᠦ ᠶᠢ ᠪᠠᠷᠢᠮᠲᠠᠯᠠᠨ᠂ ᠴᠢᠬᠤᠯᠠ ᠶᠡᠭᠡ ᠲᠥᠷᠥᠯ ᠵᠦᠢᠯ ᠤᠨ ᠪᠥᠬᠦ ᠶᠠᠪᠤᠴᠠ ᠳᠤ ᠭᠠᠷᠳᠠᠮ ᠢ ᠬᠠᠪᠰᠤᠷᠤᠨ ᠬᠦᠢᠴᠡᠳᠭᠡᠵᠦ | ᠣᠷᠣᠯᠠᠨ ᠬᠦᠢᠴᠡᠳᠭᠡᠭᠦ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ ᠪᠥᠬᠦ ᠦᠶᠡᠯᠡᠯ ᠤᠨ ᠬᠤᠭᠤᠴᠠᠭᠠᠨ ᠤ ︽ᠬᠠᠮᠢᠶᠠᠷᠤᠭᠴᠢ ᠮᠠᠶ᠋ᠢᠭ︾ ᠤᠨ ᠦᠢᠯᠡᠴᠢᠯᠡᠭᠡ | ᠬᠠᠩᠭᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠪᠠ ᠬᠤᠳᠠᠯᠳᠤᠭᠠᠴᠢᠨ ᠤᠷᠢᠵᠤ ᠨᠠᠶᠢᠳᠠᠪᠤᠷᠢᠵᠢᠭᠤᠯᠬᠤ ᠲᠥᠷᠥᠯ ᠵᠦᠢᠯ ᠤᠨ ︽ | ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠬᠦ︾ ᠶᠢ ᠠᠬᠢᠭᠤᠯᠤᠨ᠎ᠠ᠃ ︽ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠣᠭᠲᠠᠮᠠᠯ ᠬᠤᠭᠤᠴᠠᠭ᠎ᠠ ᠲᠠᠢ ᠪᠠᠷ | ᠲᠣᠬᠢᠷᠠᠭᠤᠯᠬᠤ᠂ ᠭᠡᠷ᠎ᠡ ᠲᠣᠭᠲᠠᠵᠤ ᠦᠢᠯᠡᠴᠢᠯᠡᠬᠦ︾ ᠭᠤᠷᠪᠠᠨ ᠵᠦᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ | ᠠᠵᠤ ᠠᠬᠤᠶᠢᠯᠠᠯ ᠤᠨ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠪᠥᠬᠦ ᠬᠦᠴᠦᠨ ᠢᠶᠠᠷ ᠬᠥᠭᠵᠢᠭᠡᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ | ᠦᠯᠡᠳᠡᠭᠡᠵᠦ ᠲᠤᠯᠭᠠᠨ ᠬᠠᠰᠤᠬᠤ ᠭᠠᠶᠢᠯᠢ ᠪᠤᠴᠠᠭᠠᠬᠤ᠂ ᠭᠠᠶᠢᠯᠢ ᠶᠢᠨ ᠵᠣᠭᠤᠰ ᠢ ᠬᠤᠶᠢᠰᠢᠯᠠᠭᠤᠯᠤᠨ ᠲᠤᠰᠢᠶᠠᠬᠤ ᠵᠡᠷᠭᠡ ᠲᠥᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠣᠷᠢᠵᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠨᠡᠮᠡᠭᠳᠡᠯ ᠲᠤᠭ᠎ᠠ ᠪᠠᠷ ᠲᠠᠯᠪᠢᠬᠤ᠂ ᠡᠬᠡ ᠬᠦᠦ ᠮᠥᠩᠭᠦ ᠶᠢ ᠬᠤᠶᠢᠰᠢᠯᠠᠭᠤᠯᠤᠨ ᠪᠤᠴᠠᠭᠠᠬᠤ ᠵᠡᠷᠭᠡ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠦᠴᠢᠷᠳᠡᠯ ᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ ᠤᠨ | ᠳᠠᠷᠤᠭᠠᠰᠤ ᠶᠢ ᠪᠦᠲᠦᠮᠵᠢᠲᠡᠢ ᠬᠥᠩᠭᠡᠷᠡᠭᠦᠯᠵᠦ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ | ᠦᠨᠳᠦᠰᠦᠨ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠲᠣᠭᠲᠠᠪᠤᠷᠢᠵᠢᠭᠤᠯᠵᠤ᠂ ᠨᠠᠩ ᠣᠯᠠᠨ ᠠᠵᠤ ᠠᠬᠤᠶᠢᠯᠠᠯ ᠢ ᠡᠮᠦᠨᠡᠲᠦ ᠬᠤᠰᠢᠭᠤᠨ ᠳᠤ ᠠᠮᠢᠯᠠᠭᠤᠯᠵᠤ᠂ | ᠪᠤᠵᠠᠭᠠᠶᠢᠷᠠᠭᠤᠯᠵᠤ᠂ ᠬᠦᠴᠦᠷᠬᠡᠭᠵᠢᠭᠦᠯᠦᠨ᠎ᠡ᠃ | ︵ᠬᠤᠶᠠᠷ︶ ᠲᠠᠷᠢᠶᠠᠯᠠᠩ ᠢ ᠬᠦᠴᠦᠷᠬᠡᠭᠵᠢᠭᠦᠯᠦᠨ ᠠᠷᠠᠳ ᠲᠤ ᠠᠰᠢᠭ ᠬᠦᠷᠲᠡᠭᠡᠵᠦ ᠣᠷᠣᠯᠭ᠎ᠠ ᠶᠢ ᠨᠢ ᠨᠡᠮᠡᠭᠳᠡᠭᠦᠯᠦᠨ᠂ ᠬᠥᠳᠡᠭᠡ ᠠᠵᠤ ᠠᠬᠤᠶ ᠬᠥᠳᠡᠭᠡ | ᠲᠣᠰᠬᠤᠨ ᠲᠠᠷᠢᠶᠠᠴᠢᠨ ᠤ ᠠᠵᠢᠯ ᠤᠨ ᠰᠢᠨ᠎ᠡ ᠪᠠᠶᠢᠳᠠᠯ ᠢ ᠡᠭᠦᠳᠦᠨ᠎ᠡ᠃ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠴᠢᠬᠤᠯᠠ ᠠᠴᠠ ᠴᠢᠬᠤᠯᠠ ᠪᠠᠶᠢᠷᠢ ᠰᠠᠭᠤᠷᠢ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠳᠠᠯᠳᠠ ᠬᠦᠴᠦᠨ ᠢ ᠬᠦᠴᠦᠯᠡᠨ ᠠᠭᠤᠳᠠᠯᠵᠤ᠂ | ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠣᠷᠣᠨ | ᠵᠠᠶ ᠶᠢ ᠥᠷᠭᠡᠳᠬᠡᠨ᠎ᠡ᠃ | ᠥᠨᠳᠥᠷ ᠪᠠᠷᠢᠮᠵᠢᠶ᠎ᠠ ᠪᠠᠷ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠦᠨ᠎ᠡ᠃ ᠲᠠᠷᠢᠶᠠᠨ ᠭᠠᠵᠠᠷ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ | ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ | ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠰᠡᠷᠭᠡᠶᠢᠯᠡᠨ ᠬᠤᠷᠢᠭᠯᠠᠵᠤ᠂ ᠪᠣᠭᠤᠳᠠᠶ ᠳᠠᠷᠢᠬᠤ ᠲᠠᠯᠠᠪᠠᠶ ᠶᠢ 15 ᠲᠦᠮᠡᠨ ᠮᠥ ᠠᠴᠠ ᠳᠡᠭᠡᠭᠰᠢ ᠳᠤ ᠬᠦᠷᠦᠭᠦᠯᠬᠦ ᠶᠢ | ᠦᠨᠡᠨ ᠬᠦ ᠪᠠᠲᠤᠯᠠᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠲᠠᠷᠢᠶᠠᠨ ᠭᠠᠵᠠᠷ ᠤᠨ ᠶᠠᠰᠤ | ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠲᠦᠷᠭᠡᠳᠬᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠨ ᠳᠡᠭᠡᠭᠰᠢᠯᠡᠭᠦᠯᠬᠦ 15 ᠲᠦᠮᠡᠨ ᠮᠥ | ᠲᠥᠷᠥᠯ ᠵᠦᠢᠯ ᠢ ᠬᠡᠷᠡᠭᠵᠢᠭᠦᠯᠵᠦ᠂ ᠤᠰᠤ ᠪᠣᠷᠲᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ ᠶᠢ 12 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠬᠡᠨ ᠤ ᠲᠥᠷᠥᠯ ᠵᠦᠢᠯ ᠢ 17 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ | ᠬᠦᠢᠲᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠲᠥᠬᠦᠭᠡᠷᠦᠮᠵᠢ ᠶᠢ 12 ᠰᠢᠨ᠎ᠡ ᠪᠠᠷ ᠪᠠᠶᠢᠭᠤᠯᠵᠤ᠂ ᠲᠠᠷᠢᠶᠠᠨ ᠭᠠᠵᠠᠷ ᠤᠨ ᠲᠠᠯᠠᠪᠠᠶ ᠶᠢᠨ ᠬᠡᠪᠴᠢᠶ᠎ᠡ ᠪᠠ | ᠭᠠᠷᠤᠯᠲᠠ ᠶᠢᠨ ᠴᠢᠳᠠᠪᠤᠷᠢ ᠦᠷ᠎ᠡ ᠠᠰᠢᠭ ᠤᠨ ᠬᠤᠤᠰ ᠳᠡᠭᠡᠭᠰᠢᠯᠡᠯᠲᠡ ᠶᠢ ᠠᠬᠢᠭᠤᠯᠤᠨ᠎ᠠ᠃ ᠬᠡᠪᠴᠢᠶᠡᠵᠢᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ | ᠬᠡᠯᠬᠢᠶ᠎ᠡ ᠶᠢ ᠤᠷᠲᠤᠳᠬᠠᠬᠤ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠳᠤ ᠲᠤᠰᠠᠲᠠᠶ ᠨᠢᠭᠡ ᠪᠦᠯᠦᠭ ︽ᠲᠠᠷᠢᠶᠠᠯᠠᠩ ᠨᠡᠷᠡᠮᠵᠢᠲᠦ︾ | ᠳᠠᠭᠠᠭᠤᠯᠤᠭᠴᠢ ᠠᠵᠤ ᠠᠬᠤᠶᠢᠯᠠᠯ ᠢ ᠬᠦᠴᠦᠯᠡᠨ ᠣᠷᠣᠭᠤᠯᠣᠨ ᠢᠷᠡᠵᠦ᠂ ᠲᠢᠶᠠᠨ ᠾᠧᠩ᠂ ᠴᠠᠩ ᠰᠢᠩ ᠳ᠋ᠠ᠂ ᠾᠧ ᠰᠢᠩ᠂ ᠱᠥᠸᠧ ᠾᠧ ᠾᠧ ᠵᠡᠷᠭᠡ | ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠬᠠᠤ ᠶᠢ ᠵᠣᠷᠢᠭᠵᠢᠭᠤᠯᠤᠨ ᠳᠡᠮᠵᠢᠵᠦ᠂ ᠰᠢᠨ ᠫᠦ᠋ ᠠᠢ ᠳ᠋ᠥᠸᠧ ᠶᠢᠨ | 40 ᠲᠦᠮᠡᠨ ᠲᠣᠨ ᠪᠣᠷᠳᠤᠭ᠎ᠠ᠂ ᠲᠠᠯ᠎ᠠ ᠨᠤᠲᠤᠭ ᠤᠨ ᠬᠤᠩ ᠲᠠᠢ ᠶᠢᠨ ᠬᠤᠶᠠᠳᠤᠭᠠᠷ ᠬᠤᠭᠤᠴᠠᠭᠠᠨ ᠤ ᠪᠤᠯᠭᠤᠭᠰᠠᠨ ᠢᠳᠡᠭᠡᠨ ᠡᠳ᠋ᠰᠢᠭᠦᠯᠬᠦ᠂ ᠵᠥᠩ ᠨᠦᠩ ᠳ᠋ᠠ | ᠳ᠋ᠢ ᠶᠢᠨ 3 ᠲᠦᠮᠡᠨ ᠲᠣᠨ ᠬᠥᠷᠥᠰᠥ ᠰᠢᠷᠣᠶ ᠶᠢ ᠰᠢᠨᠵᠢᠬᠦ ᠨᠠᠶᠢᠷᠠᠯᠭ᠎ᠠ ᠲᠠᠢ ᠪᠣᠷᠲᠣᠭᠤᠷ᠂ ᠬᠤᠩ ᠲᠠᠢ ᠶᠢᠨ ᠨᠤᠤᠰᠤ ᠨᠣᠯᠤᠤᠷ ᠤᠨ ᠨᠡᠬᠡᠮᠡᠯ ᠵᠡᠷᠭᠡ ᠲᠥᠷᠥᠯ | ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ | ᠬᠡᠯᠬᠢᠶ᠎ᠡ ᠶᠢ ᠲᠠᠰᠣᠷᠠᠯᠲᠠ ᠦᠭᠡᠢ ᠣᠷᠳᠣᠳᠬᠠᠵᠤ᠂ ︽ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ︾᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠢ 12 ᠠᠴᠠ ᠳᠡᠭᠡᠭᠰᠢ᠂ ︽ᠲᠩᠷᠢ ᠶᠢᠨ ᠬᠡᠰᠢᠭᠲᠦ ᠪᠣᠷᠣᠲᠣᠬᠤᠶ︾ ᠶᠢᠨ ᠡᠷᠬᠡ ᠣᠯᠭᠤᠭᠰᠠᠨ ᠪᠦᠲᠦᠭᠡᠭᠳᠡᠬᠦᠨ ᠢ 5 ᠠᠴᠠ ᠳᠡᠭᠡᠭᠰᠢ ᠰᠢᠨ᠎ᠡ ᠪᠠᠷ | ᠨᠡᠮᠡᠭᠳᠡᠬᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠭᠠᠷᠭᠠᠯᠲᠠ ᠶᠢᠨ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠢᠵᠢᠭ | ᠲᠠᠷᠢᠶᠠᠴᠢᠨ ᠡᠷᠦᠬᠡ ᠶᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠣᠮᠣ ᠲᠤᠭᠳᠠᠯᠴᠠᠭᠠᠨ ᠳᠤ ᠠᠭᠤᠰᠬᠠᠨ ᠣᠷᠣᠭᠤᠯᠣᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨ ᠤ ᠲᠤᠯᠭᠠᠭᠤᠷᠢᠯᠠᠯ ᠢ ᠠᠬᠢᠭᠤᠯᠤᠨ᠎ᠠ᠃ ᠣᠳᠣ ᠪᠠᠶᠢᠭ᠎ᠠ ᠲᠤᠰᠬᠠᠶ ᠮᠡᠷᠭᠡᠵᠢᠯᠲᠡᠨ ᠤ ᠠᠵᠢᠯᠯᠠᠬᠤ ᠥᠷᠲᠡᠭᠡ᠂ ᠰᠢᠨᠵᠢᠯᠡᠬᠦ | ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠡᠮᠦᠨᠡᠲᠦ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ | ᠰᠤᠳᠤᠯᠤᠯ ᠤᠨ ᠳᠡᠭᠡᠳᠦ ᠰᠤᠷᠭᠠᠭᠤᠯᠢ ᠲᠠᠢ ᠤᠷᠲᠤ ᠬᠤᠭᠤᠴᠠᠭ᠎ᠠ ᠪᠠᠷ ᠬᠤᠷᠰᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠪᠠᠭ᠎ᠠ ᠬᠦᠷᠢᠶᠡᠯᠡᠩ 3᠂ ᠳ᠋ᠣᠺᠲ᠋ᠣᠷ ᠤᠨ ᠠᠵᠢᠯᠯᠠᠬᠤ ᠥᠷᠲᠡᠭᠡ 2 ᠢ ᠰᠢᠨ᠎ᠡ ᠪᠠᠷ ᠪᠠᠶᠢᠭᠤᠯᠵᠤ᠂ ᠨᠡᠩ ᠤᠯᠠᠨ ᠬᠦᠷᠢᠶᠡᠯᠡᠩ ᠰᠣᠷᠭᠠᠭᠤᠯᠢ ᠲᠠᠢ | ᠣᠷᠣᠨ ᠨᠤᠲᠤᠭ ᠤᠨ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠨᠡᠩ ᠤᠯᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠠᠮᠲᠤ ᠪᠠᠷ ᠡᠳ᠋ᠯᠡᠨ᠎ᠡ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠴᠢᠩ ᠰᠥᠩ ᠡᠪᠡᠰᠦᠨ ᠤ ᠦᠢᠯᠡᠰ᠂ ᠰᠢᠶᠠᠩ ᠰᠢ ᠦᠷ᠎ᠡ ᠶᠢᠨ ᠦᠢᠯᠡᠰ ᠵᠡᠷᠭᠡ ᠦᠷ᠎ᠡ ᠶᠢᠨ ᠠᠵᠤ ᠠᠬᠤᠶᠢᠯᠠᠯ ᠤᠨ | ᠦᠢᠯᠡᠳᠪᠦᠷᠢᠯᠡᠬᠦ ᠵᠢᠭᠠᠬᠤ ᠰᠤᠳᠤᠯᠬᠤ ᠪᠤᠶᠢᠵᠢᠭᠤᠯᠬᠤ ᠲᠣᠭᠲᠠᠴᠠ ᠪᠠᠨ ᠪᠦᠷᠢᠨᠰᠢᠭᠦᠯᠬᠦ ᠶᠢ ᠳᠠᠮᠵᠢᠵᠤ᠂ ᠴᠢᠨᠠᠷ ᠰᠠᠶᠢᠲᠠᠶ ᠦᠷ᠎ᠡ ᠶᠢᠨ ᠢᠷᠡᠯᠲᠡ ᠶᠢ ᠦᠷᠡᠵᠢᠭᠦᠯᠦᠨ | ᠪᠤᠶᠢᠵᠢᠭᠤᠯᠬᠤ ᠶᠢ ᠴᠢᠩᠭᠠᠳᠬᠠᠵᠤ᠂ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 1᠂ ᠬᠤᠲᠠ ᠶᠢᠨ ᠱᠠᠲᠤᠨ ᠠᠴᠠ ᠳᠡᠭᠡᠭᠰᠢᠬᠢ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ ᠢ 2 ᠢ ᠪᠣᠶᠢᠵᠢᠭᠤᠯᠣᠨ᠎ᠠ᠃ ᠬᠠᠲᠤᠨ ᠭᠤᠤᠯ ᠤᠨ ᠳᠤᠰᠤᠯᠭᠠᠨ ᠤᠰᠤᠯᠠᠬᠤ ᠤᠰᠤ ᠪᠣᠷᠲᠣᠭᠤᠷ ᠢ ᠨᠢᠭᠡ ᠴᠣᠭᠴᠠᠵᠢᠭᠤᠯᠬᠤ᠂ ᠣᠲᠣ | ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ᠂ ᠪᠧᠢ ᠳ᠋ᠧᠦ ᠵᠠᠮᠴᠢᠯᠠᠭᠤᠷ ᠤᠨ ᠬᠥᠮᠦᠨ ᠥᠬᠡᠶ ᠪᠠᠷ ᠳᠠᠷᠢᠬᠤ᠂ ᠮᠠᠯ ᠣᠨᠤᠭ᠎ᠠ ᠶᠢ ᠠᠦ᠋ᠲ᠋ᠣ᠋ ᠪᠠᠷ ᠲᠡᠵᠢᠭᠡᠬᠦ᠂ | ᠪᠣᠭᠤᠳᠠᠶ ᠶᠢᠨ ᠬᠤᠷᠢᠶᠠᠯᠳᠠ ᠶᠢᠨ ᠲᠠᠷᠠᠭ᠎ᠠ ᠲᠣᠰᠣᠯᠢᠭ ᠨᠠᠷᠠᠨ ᠬᠤᠸᠠᠷ ᠨᠣᠬᠠᠶ ᠶᠢᠨ ᠬᠤᠰᠢᠭᠤ ᠡᠪᠡᠰᠦ ᠲᠠᠬᠢᠵᠦ ᠳᠠᠷᠢᠬᠤ ᠵᠡᠷᠭᠡ ᠲᠠᠷᠢᠶᠠᠯᠠᠩ ᠮᠠᠯ ᠠᠵᠤ ᠠᠬᠤᠶ ᠶᠢᠨ | ᠥᠨᠳᠥᠷ ᠪᠦᠲᠦᠮᠵᠢᠲᠡᠶ ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠨᠡᠮᠡᠷᠢ | ᠦᠵᠡᠭᠦᠯᠬᠦ ᠨᠣᠷᠮ᠎ᠠ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃ | ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠥᠨᠳᠥᠷ ᠲᠦᠪᠰᠢᠨ ᠢᠶᠠᠷ ᠳᠡᠭᠡᠭᠰᠢᠯᠡᠭᠦᠯᠦᠨ᠎ᠡ᠃ ᠠᠵᠤ ᠦᠢᠯᠡᠰ ᠬᠥᠭᠵᠢᠪᠡᠯ ᠰᠠᠶ᠋ᠢ ᠮᠠᠯᠴᠢᠨ ᠲᠠᠷᠢᠶᠠᠴᠢᠨ | ᠪᠠᠶᠠᠵᠢᠵᠤ᠂ ︽ᠨᠢᠭᠡ ᠭᠤᠭᠴᠤᠭ᠎ᠠ ᠬᠤᠶᠠᠷ ᠪᠦᠰᠡ︾ ᠶᠢᠨ ᠤᠨᠴᠠᠯᠢᠬᠳᠤ ᠠᠵᠤ ᠦᠢᠯᠡᠰ ᠤᠨ ᠬᠡᠪᠴᠢᠶᠡᠵᠢᠯ ᠦᠷ᠎ᠡ ᠠᠰᠢᠭ ᠪᠣᠯᠤᠨ ᠳᠠᠶᠢᠴᠢᠯᠠᠬᠤ ᠦᠢᠯᠡᠳᠦᠯ ᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠨᠡᠮᠡᠭᠳᠡᠯ ᠦᠷᠳᠡᠭ ᠤᠨ ᠠᠰᠢᠭ ᠣᠯᠵᠠᠪᠤᠷᠢ ᠶᠢ ᠮᠠᠯᠴᠢᠨ ᠲᠠᠷᠢᠶᠠᠴᠢᠨ ᠳᠤ ᠨᠡᠩ | ᠤᠯᠠᠨ ᠦᠯᠡᠳᠡᠭᠡᠵᠦ᠂ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠎ᠠ᠃ ᠲᠠᠷᠢᠮᠠᠯ ᠤᠨ ᠦᠢᠯᠡᠰ ᠤᠨ ᠣᠨᠴᠠᠯᠢᠭᠲᠤ ᠵᠠᠮ ᠢᠶᠠᠷ ᠵᠠᠮᠨᠠᠬᠤ ᠶᠢ ᠠᠬᠢᠭᠤᠯᠤᠨ᠎ᠠ | ᠃ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠣᠯᠭᠠᠬᠤ᠂ ᠵᠠᠰᠠᠭ ᠤᠨ ᠣᠷᠳᠣᠨ ᠠᠴᠠ ᠲᠡᠳᠬᠦᠨ ᠳᠡᠮᠵᠢᠬᠦ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠡᠷᠳᠡᠨᠢ | ᠰᠢᠰᠢ᠂ ᠨᠡᠷᠡᠨ ᠬᠤᠸᠠᠷ ᠵᠡᠷᠭᠡ ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠢ ︽ᠴᠢᠨᠠᠷ ᠰᠠᠶᠢᠲᠠᠶ ᠲᠤᠰᠬᠠᠶ ᠬᠡᠷᠡᠭᠯᠡᠬᠦ︾᠂ ︽ᠪᠣᠬᠢᠷᠲᠤᠯ ᠥᠬᠡᠶ | ᠪᠠᠷᠢᠮᠵᠢᠶ᠎ᠠ︾ ᠳᠠᠰᠢ ᠬᠥᠭᠵᠢᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠡᠬᠢ ᠪᠠᠶᠠᠯᠢᠭ ᠤᠨ ᠪᠡᠯᠡ ᠮᠥᠩᠭᠦ ᠶᠢ ᠲᠥᠪᠯᠡᠷᠡᠭᠦᠯᠦᠨ ︽ᠨᠢᠭᠡ ᠪᠠᠯᠭᠠᠰᠤ ᠨᠢᠭᠡ ᠠᠵᠤ | ᠦᠢᠯᠡᠰ᠂ ᠨᠢᠭᠡ ᠲᠣᠰᠬᠤᠨ ᠨᠢᠭᠡ ᠦᠢᠯᠡᠳᠬᠦᠨ︾ ᠤ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠠᠮᠵᠢᠵᠤ᠂ ᠯᠠᠵᠤᠤ᠂ | ᠠᠮᠲᠠᠲᠤ ᠬᠡᠮᠬᠡ᠂ ᠬᠢᠲᠠᠳ ᠡᠮ ᠤᠨ ᠮᠠᠲ᠋ᠧᠷᠢᠶᠠᠯ᠂ ᠲᠥᠬᠦᠭᠡᠷᠦᠮᠵᠢᠲᠦ ᠮᠥᠭᠦ ᠶᠢᠨ ᠲᠥᠷᠥᠯ ᠵᠡᠷᠭᠡ ᠣᠨᠴᠠᠯᠢᠭᠲᠤ ᠠᠵᠤ ᠦᠢᠯᠡᠰ ᠤᠨ ᠬᠡᠪᠴᠢᠶ᠎ᠡ ᠶᠢ ᠦᠷᠭᠦᠯᠵᠢᠯᠡᠨ | ᠪᠤᠵᠠᠭᠠᠶᠢᠷᠠᠭᠤᠯᠤᠨ᠎ᠠ᠃ ᠰᠢ ᠰᠢᠶᠣᠣ ᠵᠤᠤ ᠪᠠᠯᠭᠠᠰᠤ ᠶᠢᠨ 8 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠰᠢᠶᠠᠨ ᠹᠧᠩ ᠪᠠᠯᠭᠠᠰᠤ ᠶᠢᠨ ᠮᠢᠩᠭᠠᠨ | ᠮᠦ ᠳᠡᠯᠳᠡᠦ᠂ ᠰᠢᠨ ᠠᠨ ᠪᠠᠯᠭᠠᠰᠤ ᠶᠢᠨ ᠬᠠᠳᠤᠨ ᠭᠤᠣᠯ ᠤᠨ ᠤᠰᠤ ᠶᠢ ᠲᠠᠲᠠᠵᠤ ᠲᠤᠰᠤᠯᠭᠠᠨ ᠤᠰᠤᠯᠠᠬᠤ ᠥᠨᠳᠥᠷ ᠦᠷ᠎ᠡ ᠠᠰᠢᠭᠲᠤ ᠲᠠᠷᠢᠶᠠᠯᠠᠩ᠂ ᠮᠢᠩᠭᠠᠨ | ᠪᠠᠯᠭᠠᠰᠤ ᠶᠢᠨ ᠰᠡᠷᠬᠢᠨᠠᠭ ᠮᠦᠬᠦ ᠵᠡᠷᠭᠡ ᠨᠢᠭᠡ ᠪᠦᠯᠦᠭ ᠠᠵᠤ ᠦᠢᠯᠡᠰ ᠤᠨ ᠣᠨᠴᠠᠯᠢᠭ ᠢᠶᠠᠷ ᠢᠯᠡ ᠲᠣᠳᠣ᠂ ᠠᠵᠤ ᠠᠬᠤᠢ ᠶᠢᠨ ᠦᠷ᠎ᠡ ᠠᠰᠢᠭ ᠢᠶᠠᠷ ᠢᠯᠡᠷᠬᠡᠢ᠂ | ᠨᠥᠯᠥᠭᠡᠯᠡᠨ ᠳᠠᠶᠢᠴᠢᠯᠠᠬᠤ ᠬᠦᠴᠦᠨ ᠲᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ | ᠬᠡᠰᠡᠭ ᠤᠨ ᠬᠠᠮᠤᠭ ᠤᠨ ᠶᠡᠭᠡ ᠳᠡᠯᠳᠡᠦ ᠶᠢᠨ ᠠᠵᠤ ᠦᠢᠯᠡᠰ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠠᠶᠢᠭᠤᠯᠤᠨ᠎ᠠ᠃ ᠲᠡᠵᠢᠭᠡᠪᠦᠷᠢ ᠶᠢᠨ ᠦᠢᠯᠡᠰ ᠤᠨ | ᠬᠡᠪᠴᠢᠶᠡᠵᠢᠭᠰᠡᠨ ᠵᠠᠮ ᠢᠶᠠᠷ ᠵᠠᠮᠨᠠᠬᠤ ᠶᠢ ᠠᠬᠢᠭᠤᠯᠤᠨ᠎ᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠧᠩ | ᠨᠢᠤ ᠶᠢᠨ 10 ᠲᠦᠮᠡᠨ ᠰᠠᠭᠠᠯᠢ ᠶᠢᠨ ᠦᠨᠢᠶᠡᠨ ᠤ ᠳᠡᠭᠡᠳᠦ ᠲᠠᠰ ᠤᠨ ᠰᠦ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠰᠠᠭᠠᠯᠢ ᠶᠢᠨ ᠦᠨᠢᠶ᠎ᠡ ᠲᠡᠵᠢᠭᠡᠬᠦ ᠬᠡᠮᠵᠢᠶ᠎ᠡ ᠶᠢ 4 ᠲᠦᠮᠡᠨ ᠲᠣᠯᠣᠭᠠᠶ ᠳᠤ ᠬᠦᠷᠦᠭᠦᠯᠵᠦ᠂ ᠠᠳᠠᠯᠢ ᠬᠤᠭᠤᠴᠠᠭᠠᠨ ᠤ ᠬᠢ ᠠᠴᠠ ᠬᠤᠶᠠᠷ ᠳᠠᠬᠢᠨ | ᠨᠡᠮᠡᠭᠳᠡᠭᠦᠯᠬᠦ ᠪᠠᠷ ᠴᠢᠷᠮᠠᠶᠢᠨ᠎ᠠ᠃ ᠮᠦ ᠶᠤᠸᠠᠨ ᠬᠤᠶᠠᠳᠤᠭᠠᠷ ᠬᠤᠭᠤᠴᠠᠭᠠᠨ ᠤ ᠭᠠᠭ᠋ᠠᠢ ᠲᠡᠵᠢᠭᠡᠨ ᠦᠷᠡᠵᠢᠭᠦᠯᠬᠦ᠂ ᠵᠢᠶᠠ ᠾᠧ ᠲᠦᠮᠡᠨ ᠲᠣᠯᠣᠭᠠᠶ ᠠᠯᠠᠰᠢᠨ ᠦᠬᠡᠷ | ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ | ᠲᠣᠭᠲᠠᠭᠤᠨ ᠢᠶᠠᠷ ᠨᠡᠮᠡᠭᠳᠡᠭᠦᠯᠬᠦ ᠶᠢ ᠳᠠᠶᠢᠴᠢᠯᠠᠨ᠎ᠠ᠃ ᠲᠥᠷᠥᠯ ᠵᠦᠢᠯ ᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠬᠦ ᠶᠢ ᠲᠠᠰᠤᠷᠠᠯᠲᠠ ᠥᠬᠡᠶ ᠴᠢᠩᠭᠠᠳᠬᠠᠵᠤ᠂ | ᠠᠯᠠᠰᠢᠨ ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ᠂ ᠥᠷᠲᠡᠭ ᠤᠨ ᠬᠡᠯᠬᠢᠶ᠎ᠡ ᠶᠢ ᠥᠷᠭᠡᠳᠬᠡᠨ᠎ᠡ᠃ ᠴᠠᠷᠭᠠᠰᠤ᠂ ᠨᠣᠬᠠᠶ ᠶᠢᠨ ᠬᠤᠰᠢᠭᠤ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠲᠠᠯᠠᠪᠠᠶ ᠶᠢ | ᠥᠷᠭᠡᠳᠬᠡᠵᠦ᠂ ᠣᠷᠭᠠᠨᠢᠭ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠭᠡᠷᠡᠴᠢᠯᠡᠬᠦ ᠲᠠᠯᠠᠪᠠᠶ ᠶᠢ 20 ᠲᠦᠮᠡᠨ ᠮᠥ ᠠᠴᠠ ᠳᠡᠭᠡᠭᠰᠢ ᠪᠣᠯᠭᠠᠬᠤ ᠪᠠᠷ | ᠴᠢᠷᠮᠠᠶᠢᠵᠤ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠳᠤ ᠬᠦᠴᠦᠲᠡᠶ ᠲᠤᠯᠭᠠᠭᠤᠷᠢᠯᠠᠯ | ᠬᠠᠩᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠨᠠᠷ ᠰᠠᠶᠢᠲᠠᠶ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ | ᠵᠠᠰᠠᠯᠲᠠ ᠪᠠᠷ ᠭᠠᠷᠳᠠᠴᠠ ᠪᠣᠯᠭᠠᠵᠤ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢ ᠠᠬᠢᠭᠤᠯᠤᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ | ᠬᠢᠨᠠᠨ ᠬᠡᠮᠵᠢᠬᠦ ᠲᠣᠭᠲᠠᠴᠠ ᠪᠣᠯᠤᠨ ᠲᠠᠷᠢᠶᠠᠴᠢᠨ ᠲᠠᠢ ᠬᠠᠷᠢᠯᠴᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠦᠷᠢᠨᠰᠢᠬᠦᠯᠵᠤ᠂ ᠬᠡᠪᠴᠢᠶᠡᠵᠢᠯ ᠤᠨ ᠴᠢᠨᠠᠷᠲᠠᠢ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠠᠷᠪᠠᠨ ᠬᠦᠴᠦᠷᠬᠡᠭ ᠪᠠᠯᠭᠠᠰᠣ ᠵᠠᠭᠤᠨ ᠬᠦᠴᠦᠷᠬᠡᠭ ᠲᠣᠰᠬᠤᠨ ᠮᠢᠩᠭᠠᠨ | ᠬᠦᠴᠦᠷᠬᠡᠭ ᠡᠷᠦᠬᠡ︾ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠦᠮᠡᠨ ᠠᠵᠤ ᠠᠬᠤᠶᠢᠯᠠᠯ | ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠬᠡᠷᠡᠭᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ | ᠬᠦᠢᠴᠡᠳ ᠰᠠᠶᠢᠲᠤᠷ ᠬᠡᠷᠡᠭᠯᠡᠵᠦ᠂ ᠶᠠᠳᠠᠭᠤ ᠶᠢ ᠲᠡᠳᠬᠦᠬᠦ ᠠᠵᠤ ᠦᠢᠯᠡᠰ ᠢ ᠣᠷᠳᠣ ᠬᠤᠭᠤᠴᠠᠭ᠎ᠠ ᠪᠠᠷ ᠪᠤᠶᠢᠵᠢᠭᠤᠯᠬᠤ ᠶᠢ ᠰᠠᠶᠢᠲᠤᠷ ᠠᠳᠬᠤᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠤᠯᠭᠠᠭᠤᠷᠢᠯᠠᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ | ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠠᠴᠠ ᠥᠨᠳᠥᠷ ᠪᠠᠶᠢᠯᠭᠠᠬᠤ ᠶᠢ | ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 50 ᠡᠷᠦᠬᠡ ᠶᠢᠨ ᠨᠤᠷᠠᠬᠤ ᠠᠶᠤᠯᠲᠠᠢ | ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 4329 ᠡᠷᠦᠬᠡ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 32.4 ᠺᠢᠯᠤᠮᠧᠲᠷ | ᠮᠠᠯᠵᠢᠬᠤ ᠲᠠᠷᠢᠶᠠᠯᠠᠬᠤ ᠣᠷᠣᠨ ᠤ ᠵᠠᠮ ᠢ ᠰᠢᠨ᠎ᠡ ᠪᠠᠷ ᠥᠭᠡᠷᠡᠴᠢᠯᠡᠨ ᠵᠠᠰᠠᠨ᠎ᠠ᠃ ᠤᠯᠠᠭᠠᠨᠰᠤᠬᠠᠢ ᠨᠠᠭᠤᠷ ᠤᠨ ᠤᠢᠢᠷ᠎ᠡ ᠬᠠᠪᠢ ᠶᠢᠨ ᠰᠠᠪᠠ ᠭᠠᠵᠠᠷ ᠤᠨ ᠪᠣᠬᠢᠷᠲᠤᠯ | ᠦᠭᠡᠢ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠰᠢ ᠱᠠᠨ ᠽᠦᠢ ᠲᠠᠷᠢᠶᠠᠯᠠᠩ ᠤᠨ ᠲᠠᠯᠠᠪᠠᠢ ᠶᠢᠨ ᠨᠢᠭᠡᠳᠦᠭᠡᠷ ᠬᠤᠪᠢᠶᠠᠷᠢ ᠲᠠᠯᠠᠪᠠᠢ ᠶᠢ ᠥᠭᠡᠷᠡᠴᠢᠯᠡᠨ | ᠲᠡᠰ ᠳᠡᠪᠰᠢᠭᠦᠯᠬᠦ᠂ ᠰᠢ ᠰᠢᠶᠤᠤ ᠵᠤᠤ ᠪᠠᠯᠭᠠᠰᠤ ᠶᠢᠨ ᠰᠢ ᠵᠦᠸᠧ ᠽᠢ ᠲᠣᠰᠬᠤᠨ ᠤ ︽ᠪᠠᠭ᠎ᠠ ᠲᠣᠰᠬᠤᠨ ᠨᠢ ᠲᠤᠮᠤ ᠲᠣᠰᠬᠤᠨ ᠲᠠᠢ ᠨᠡᠶᠢᠯᠡᠭᠰᠡᠨ ᠲᠣᠰᠬᠤᠨ︾᠂ | ᠭᠤᠣᠯᠳᠠᠯᠭ᠎ᠠ ᠲᠠᠢ ᠲᠥᠪ ᠴᠤᠭᠯᠠᠭ᠎ᠠ ᠪᠠᠯᠭᠠᠰᠤ ᠶᠢᠨ ᠦᠨᠳᠦᠰᠦᠨ ᠪᠦᠳᠦᠬᠡᠨ ᠪᠠᠶᠢᠭᠤᠯᠤᠯᠲᠠ ᠶᠢ ᠢᠵᠢ ᠪᠦᠷᠢᠳᠦᠬᠦᠯᠬᠦ ᠵᠡᠷᠭᠡ ᠲᠦᠷᠦᠯ ᠵᠦᠢᠯ ᠢ ᠰᠠᠶᠢᠲᠤᠷ | ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡ ᠪᠦᠯᠦᠭ ᠦᠯᠢᠭᠡᠷ ᠳᠠᠭᠤᠷᠢᠶᠠᠯ ᠲᠣᠰᠬᠤᠨ ᠢ ᠬᠦᠴᠦᠯᠡᠨ ᠪᠠᠶᠢᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ | ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠲᠤᠭᠳᠠᠯᠴᠠᠭ᠎ᠠ ᠵᠢᠲ᠋ᠡᠭᠦᠯᠳᠡᠷᠵᠢᠭᠦᠯᠦᠨ᠂ ᠵᠣᠷᠯᠣᠩ ᠤᠨ ᠬᠤᠪᠢᠰᠬᠠᠯ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠦᠢᠯᠡᠰ ᠪᠤᠰᠬᠠᠬᠤ ᠳᠤ ᠲᠣᠬᠢᠷᠠᠮᠵᠢᠲᠠᠶ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠺᠠᠳ᠋ᠷ ᠤᠨ ︽ᠲᠦᠷᠦᠭᠦᠴᠢ ᠭᠠᠯᠠᠭᠤ︾ ᠶᠢᠨ | ᠦᠢᠯᠡᠳᠦᠯ ᠢ ᠬᠦᠢᠴᠡᠳ ᠪᠠᠳᠠᠷᠠᠭᠤᠯᠵᠤ᠂ ᠶᠣᠰᠣ ᠰᠤᠷᠲᠠᠬᠤᠨ ᠤ ᠵᠢᠱᠢᠶᠡᠴᠢ᠂ ᠣᠳᠣᠨ ᠲᠠᠰ ᠤᠨ ᠪᠣᠯᠪᠠᠰᠤᠨ ᠡᠷᠦᠬᠡ᠂ ᠬᠠᠮᠤᠭ ᠤᠨ ᠭᠤᠶᠣ ᠬᠡᠷ ᠪᠦᠯᠢ ᠵᠡᠷᠭᠡ ᠶᠢ | ᠰᠢᠯᠭᠠᠷᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠢ ᠡᠷᠬᠢᠮᠯᠡᠬᠦ᠂ ᠰᠢᠨ᠎ᠡ ᠬᠡᠪ | ᠰᠤᠷᠲᠠᠯ ᠢ ᠪᠣᠶ ᠪᠣᠯᠭᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠡᠷᠡᠯ ᠭᠢᠯᠪᠠᠭ᠎ᠠ ᠨᠡᠮᠡᠷᠢᠯᠡᠬᠦ ᠪᠠᠷ ᠴᠢᠷᠮᠠᠶᠢᠨ᠎ᠠ᠃ | ︵ᠭᠤᠷᠪᠠ︶ ᠪᠦᠲᠦᠴᠡ ᠶᠢ ᠲᠤᠬᠢᠷᠠᠭᠤᠯᠤᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ | ᠦᠰᠦᠷᠦᠯᠲᠡ ᠶᠢ ᠠᠬᠢᠭᠤᠯᠤᠨ᠎ᠠ᠃ ᠠᠵᠤ ᠦᠢᠯᠡᠰ ᠤᠨ ᠬᠥᠭᠵᠢᠯᠲᠡ ᠶᠢ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠦᠯᠡᠳᠡᠭᠡᠯ ᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ᠬᠡᠮᠵᠢᠶ᠎ᠡ ᠶᠢ ᠥᠷᠭᠡᠳᠬᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠦᠷᠭᠡᠨ ᠬᠥᠭᠵᠢᠯᠲᠡ᠂ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠬᠡᠷᠡᠯ ᠴᠡᠨᠡᠭ ᠤᠨ ᠲᠣᠨᠣᠭᠯᠠᠯ ᠦᠢᠯᠡᠳᠬᠦ᠂ ᠬᠤᠪᠣᠷ | ᠰᠢᠷᠣᠶ ᠶᠢᠨ ᠨᠠᠷᠢᠯᠢᠭ ᠭᠦᠨᠵᠡᠭᠡᠶ ᠡᠳ᠋ᠰᠢᠭᠦᠯᠬᠦ᠂ ᠣᠲᠣ ᠦᠶ᠎ᠡ ᠶᠢᠨ ᠠᠭᠤᠷᠬᠠᠶ ᠶᠢᠨ ᠲᠡᠮᠦᠷᠯᠢᠭ ᠬᠠᠶᠢᠯᠤᠭᠤᠯᠬᠤ᠂ ᠬᠢᠯᠢ ᠠᠯᠤᠰᠯᠠᠭᠰᠠᠨ ᠡᠬᠢ ᠪᠠᠶᠠᠯᠢᠭ ᠤᠨ | ᠪᠠᠷᠠᠭᠠᠨ ᠤ ᠬᠦᠢᠯᠭᠡᠭᠡᠨ ᠤ ᠡᠳ᠋ᠰᠢᠭᠦᠯᠬᠦ ᠳᠥᠷᠪᠡᠨ ᠶᠡᠭᠡ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ | ᠴᠢᠨᠠᠷ ᠦᠷ᠎ᠡ ᠠᠰᠢᠭ ᠤᠨ ᠬᠤᠤᠰ ᠳᠡᠭᠡᠭᠰᠢᠯᠡᠯᠲᠡ ᠶᠢ ᠠᠬᠢᠭᠤᠯᠵᠦ᠂ ᠬᠡᠪᠴᠢᠶᠡᠵᠢᠯ ᠠᠴᠠ ᠲᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ 6 ᠡᠷᠦᠬᠡ | ᠰᠢᠨ᠎ᠡ ᠪᠠᠷ ᠨᠡᠮᠡᠭᠳᠡᠬᠦᠯᠵᠦ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠶᠡᠷᠦᠩᠭᠡᠢ ᠦᠷᠳᠡᠭ ᠢ 260 ᠳ᠋ᠦᠩᠰᠢᠭᠤᠷ ᠲᠦᠬᠦᠷᠢᠭ | ᠰᠢᠪᠳᠤᠯᠤᠭᠤᠯᠤᠨᠡ ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠠᠴᠠ ᠦᠷ᠎ᠡ ᠠᠰᠢᠭ ᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ | ᠪᠣᠬᠢᠷᠲᠤᠯ ᠦᠭᠡᠢ ᠣᠷᠣᠯᠠᠬᠤ ᠠᠵᠢᠯᠯᠠᠭ᠎ᠠ ᠶᠢᠨ ᠠᠵᠠ ᠲᠣᠬᠢᠶᠠᠯ ᠢ ᠠᠮᠵᠢᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠠᠵᠤ ᠦᠢᠯᠡᠰ ᠤᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠪᠣᠯᠭᠠᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠳᠤ | ᠠᠩᠬᠠᠷᠤᠯ ᠢᠶᠠᠨ ᠲᠥᠪᠯᠡᠷᠡᠭᠦᠯᠦᠨ᠎ᠡ᠃ ᠴᠢᠨᠠᠷ ᠰᠠᠶᠢᠲᠠᠶ ᠰᠠᠯᠬᠢ ᠭᠡᠷᠡᠯ ᠤᠨ ᠡᠬᠢ ᠪᠠᠶᠠᠯᠢᠭ ᠲᠤ ᠲᠦᠰᠢᠭᠯᠡᠨ᠂ ᠪᠤᠭᠤᠲᠤ ᠶᠢᠨ ᠬᠤᠪᠣᠷ ᠰᠢᠷᠣᠶ ᠶᠢᠨ ᠲᠦᠭᠦᠬᠡᠶ | ᠮᠠᠲ᠋ᠧᠷᠢᠶᠠᠯ ᠤᠨ ᠰᠠᠭᠤᠷᠢᠨ ᠭᠠᠵᠠᠷ ᠪᠣᠯᠤᠨ ᠤᠯᠤᠰ ᠤᠨ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠲᠠᠢ | ᠬᠦᠷᠰᠢᠯᠡᠬᠦ ᠳᠠᠪᠠᠭᠤᠯᠢᠭ ᠲᠤ ᠲᠦᠰᠢᠭᠯᠡᠵᠦ᠂ ᠡᠯ᠎ᠡ ᠲᠥᠷᠥᠯ ᠤᠨ ᠬᠦᠴᠦᠨ ᠵᠦᠢᠯ ᠢ ᠬᠥᠲᠥᠯᠥᠨ ᠵᠢᠯᠣᠭᠤᠳᠴᠤ ᠪᠠᠶᠢᠭᠠᠳ ᠳ᠋ᠦᠩ ᠯᠢ᠂ ᠶᠢᠨ ᠬᠠᠶ᠂ ᠮᠧᠶ | ᠬᠤᠸᠠ ᠵᠡᠷᠭᠡ ᠰᠢᠨ᠎ᠡ ᠪᠠᠷ ᠪᠤᠶ ᠪᠣᠯᠤᠭᠰᠠᠨ ᠠᠵᠤ ᠠᠬᠤᠶᠢᠯᠠᠯ ᠲᠡᠰᠢ ᠲᠥᠪᠯᠡᠷᠡᠭᠦᠯᠦᠨ᠂ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠰᠦᠷᠦᠭᠵᠢᠯ ᠪᠣᠯᠤᠨ ᠬᠤᠪᠣᠷ ᠰᠢᠷᠣᠶ ᠶᠢᠨ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠰᠦᠷᠦᠭᠵᠢᠯ ᠢ ᠬᠦᠴᠦᠯᠡᠨ ᠪᠠᠶᠢᠭᠤᠯᠵᠤ᠂ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ ᠤᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠨ᠎ᠡ᠃ ᠭᠤᠤᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ | ᠲᠥᠪᠯᠡᠷᠡᠭᠦᠯᠦᠨ᠎ᠡ᠃ ᠶᠣᠸᠠᠨ ᠵᠢᠩ᠂ ᠵᠢᠦ ᠾᠧ ᠡᠨᠧᠷᠭᠢ ᠶᠢᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠮᠧᠶ ᠶᠢᠨ ᠡᠨᠧᠷᠭᠢ ᠶᠢᠨ | ᠰᠠᠯᠬᠢ ᠭᠡᠷᠡᠯ ᠤᠰᠤᠲᠥ᠋ᠷᠥᠭᠴᠢ ᠬᠠᠳᠠᠭᠠᠯᠠᠬᠤ ᠶᠢ ᠨᠢᠭᠡ ᠴᠣᠭᠴᠠᠵᠢᠭᠤᠯᠬᠤ᠂ ᠮᠧᠩ ᠨᠧᠩ ᠤᠨ 15 ᠲᠦᠮᠡᠨ ᠺᠢᠯᠤᠸᠠᠲ ︽ᠠᠮᠢ ᠠᠬᠤᠢ ᠶᠢᠨ ᠵᠠᠰᠠᠯᠲᠠ + ᠭᠡᠷᠡᠯ | ᠴᠡᠨᠡᠭ ᠢᠶᠠᠷ ᠴᠠᠬᠢᠯᠭᠠᠨ ᠭᠠᠷᠭᠠᠬᠤ︾ ᠵᠡᠷᠭᠡ ᠠᠵᠤ ᠦᠢᠯᠡᠰ ᠤᠨ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠳ᠋ᠦᠩ | ᠯᠢ ᠶᠢᠨ ᠬᠤᠶᠠᠳᠤᠭᠠᠷ ᠬᠤᠭᠤᠴᠠᠭᠠᠨ ᠤ 4.8 ᠲᠦᠮᠡᠨ ᠲᠣᠨ ᠣᠯᠠᠨ ᠲᠠᠯᠠᠰᠲᠤ ᠴᠠᠬᠢᠭᠤᠷ᠂ ᠬᠡᠲᠦ ᠢᠳᠡᠭᠳᠡᠯ ᠳᠤ ᠲᠡᠰᠪᠦᠷᠢᠲᠡᠢ ᠭᠡᠷᠡᠯ ᠸᠣᠯᠲ ᠤᠨ ᠲᠤᠯᠤᠭᠠᠰᠤ᠂ | ᠵᠢᠢ ᠵᠢᠶᠠ ᠬᠤᠯᠤᠰᠤᠨ ᠬᠠᠪᠲᠠᠰᠤ᠂ ᠮᠧᠢ ᠬᠤᠸᠠ ᠰᠢᠨᠵᠢᠯᠡᠬᠦ ᠤᠬᠠᠭᠠᠨ ᠮᠡᠷᠭᠡᠵᠢᠯ ᠤᠨ ᠳᠠᠬᠢᠯᠲᠠ ᠴᠠᠪᠠᠤ ᠵᠡᠷᠭᠡ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ | | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠴᠠ ᠦᠷ᠎ᠡ ᠠᠰᠢᠭ ᠣᠯᠣᠨ᠎ᠠ᠃ ᠤᠯᠠᠮᠵᠢᠯᠠᠯᠲᠤ ᠠᠵᠤ ᠦᠢᠯᠡᠰ ᠢ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢᠨ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠬᠡᠯᠬᠢᠶ᠎ᠡ ᠶᠢ ᠤᠷᠲᠤᠳᠬᠠᠬᠤ᠂ ᠮᠡᠷᠭᠡᠵᠢᠯ ᠢ | ᠳᠡᠭᠡᠳᠦ ᠰᠢᠨ᠎ᠡ ᠪᠣᠯᠭᠠᠬᠤ᠂ ᠬᠠᠮᠢᠶᠠᠷᠤᠯᠲᠠ ᠶᠢ ᠣᠳᠣᠬᠢᠴᠢᠯᠠᠬᠤ ᠴᠢᠭᠯᠡᠯ ᠳᠠᠰᠢ ᠬᠥᠭᠵᠢᠭᠦᠯᠬᠦ ᠶᠢ ᠲᠦᠷᠭᠡᠳᠭᠡᠨ᠎ᠡ᠃ ᠮᠡᠷᠭᠡᠵᠢᠯ ᠤᠨ ᠥᠭᠡᠷᠡᠴᠢᠯᠡᠯᠲᠡ ᠶᠢ ᠠᠳᠬᠤᠵᠤ | ᠳᠡᠰ ᠳᠡᠪᠰᠢᠬᠦ ᠶᠢ ᠠᠬᠢᠭᠤᠯᠤᠨ᠎ᠠ᠃ ︽ᠠᠵᠤ ᠠᠬᠤᠶᠢᠯᠠᠯ ᠤᠨ ᠳᠡᠰ ᠳᠡᠪᠰᠢᠬᠦ︾ ᠠᠵᠢᠯᠯᠠᠭ᠎ᠠ ᠶᠢ ᠬᠡᠷᠡᠭᠵᠢᠭᠦᠯᠵᠦ᠂ ᠠᠭᠤᠷᠬᠠᠢ ᠶᠢᠨ ᠲᠡᠮᠦᠷᠯᠢᠭ ᠬᠠᠢᠯᠤᠭᠤᠯᠬᠤ ᠪᠠ | ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠰᠢᠨᠡᠴᠢᠯᠡᠯᠲᠡ ᠳᠡᠰ ᠳᠡᠪᠰᠢᠬᠦ ᠶᠢ ᠲᠦᠷᠭᠡᠳᠬᠡᠵᠦ᠂ ᠠᠵᠤ ᠠᠬᠤᠢᠯᠠᠯ ᠤᠨ | ᠮᠡᠷᠭᠡᠵᠢᠯ ᠤᠨ ᠰᠢᠨᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃ ᠠᠭᠤᠷᠬᠠᠶ ᠶᠢᠨ ᠲᠤᠭ᠎ᠠ ᠬᠡᠮᠵᠢᠶ᠎ᠡ ᠪᠠ | ᠦᠢᠯᠡᠳᠪᠦᠷᠢᠯᠡᠯ ᠤᠨ ᠬᠡᠪᠴᠢᠶ᠎ᠡ ᠶᠢ ︽ᠬᠤᠤᠰ ᠢᠶᠠᠷ ᠡᠵᠡᠮᠳᠡᠬᠦ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠭᠤᠷᠬᠠᠶ ᠶᠢᠨ ᠠᠵᠤ | ᠠᠬᠤᠶᠢᠯᠠᠯ ᠤᠨ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ᠂ ᠭᠠᠷ ᠤᠷᠠᠯᠠᠯ ᠢᠶᠠᠨ ᠰᠢᠯᠢᠳᠡᠭᠵᠢᠭᠦᠯᠬᠦ᠂ ᠣᠶᠤᠨᠴᠢ ᠪᠠᠷ ᠬᠥᠭᠵᠢᠭᠦᠯᠬᠦ ᠶᠢ ᠠᠬᠢᠭᠤᠯᠤᠨ᠂ ᠬᠡᠲᠦ | ᠶᠠᠳᠠᠭᠤ ᠰᠣᠷᠢᠨᠵᠢᠨ ᠲᠡᠮᠦᠷ ᠤᠨ ᠠᠭᠤᠷᠬᠠᠶ᠂ ᠵᠢᠵᠢᠭ ᠬᠡᠯᠪᠡᠷᠢ ᠶᠢᠨ ᠠᠭᠤᠷᠬᠠᠶ ᠶᠢ ᠬᠠᠤᠯᠢ ᠶᠣᠰᠣᠭᠠᠷ ᠰᠢᠭᠰᠢᠭᠳᠡᠭᠦᠯᠵᠦ᠂ ᠤᠶᠤᠨᠲᠤ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢ ᠳᠡᠮᠵᠢᠵᠦ᠂ ᠣᠲᠣ ᠦᠶ᠎ᠡ ᠶᠢᠨ ᠠᠭᠤᠷᠬᠠᠶ ᠶᠢᠨ ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠰᠦᠷᠦᠭᠵᠢᠯ ᠢ ᠬᠦᠴᠦᠯᠡᠨ ᠪᠠᠶᠢᠭᠤᠯᠵᠤ᠂ | ᠬᠡᠪᠴᠢᠶᠡᠵᠢᠭᠦᠯᠦᠨ ᠡᠷᠴᠢᠮᠵᠢᠭᠦᠯᠬᠦ᠂ ᠥᠨᠳᠥᠷ ᠦᠷ᠎ᠡ ᠪᠦᠲᠦᠮᠵᠢᠲᠡᠶ ᠬᠥᠭᠵᠢᠬᠦ ᠶᠢ ᠪᠡᠶᠡᠯᠡᠭᠦᠯᠦᠨ᠎ᠡ᠃ ᠬᠢᠯᠢ ᠶᠢᠨ ᠭᠠᠳᠠᠨᠠᠬᠢ ᠬᠡᠦᠷᠡᠰᠦ ᠶᠢᠨ ᠡᠬᠢ ᠪᠠᠶᠠᠯᠢᠭ ᠤᠨ | ᠠᠰᠢᠭᠯᠠᠯᠲᠠ ᠶᠢᠨ ᠨᠣᠷᠮ᠎ᠠ ᠶᠢ ᠨᠡᠮᠡᠭᠳᠡᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠬᠥᠲᠥᠯᠥᠨ ᠵᠢᠯᠣᠭᠤᠳᠴᠤ ᠪᠠᠶᠢᠭᠠᠳ | ᠪᠦᠳᠦᠭᠦᠯᠢᠭ ᠪᠧᠨᠽᠧᠨ ᠢ ᠭᠦᠨᠵᠡᠭᠡᠶ ᠡᠳ᠋ᠰᠢᠬᠦᠯᠬᠦ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠰᠡᠭᠦᠯᠴᠢ ᠶᠢᠨ ᠬᠡᠯᠬᠢᠶ᠎ᠡ ᠲᠡᠰᠢ ᠤᠷᠲᠤᠳᠬᠠᠨ᠎ᠠ᠃ ᠡᠨᠧᠷᠭᠢ | ᠠᠷᠪᠢᠯᠠᠬᠤ ᠶᠢ ᠠᠳᠬᠤᠵᠤ ᠳᠡᠰ ᠳᠡᠪᠰᠢᠬᠦ ᠶᠢ ᠠᠬᠢᠭᠤᠯᠤᠨ᠎ᠠ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠵᠤ | ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠡᠨᠧᠷᠭᠢ | ᠠᠷᠪᠢᠯᠠᠬᠤ ᠶᠢ ᠦᠨᠡᠯᠡᠨ ᠵᠢᠱᠢᠬᠦ ᠪᠣᠭᠤᠮᠲᠠ ᠪᠠ ᠣᠷᠴᠢᠨ ᠠᠬᠤᠢ ᠶᠢ ᠬᠠᠮᠠᠭᠠᠯᠠᠬᠤ ᠵᠥᠪᠰᠢᠶᠡᠷᠡᠯ ᠤᠨ ᠪᠣᠭᠤᠮᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ | ᠠᠵᠤ ᠠᠬᠤᠶᠢᠯᠠᠯ᠂ ᠠᠵᠢᠯ ᠲᠦᠷᠦᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠮᠸᠢ ᠶᠢᠨ ᠲᠡᠮᠤᠷ ᠤᠨ ᠬᠠᠶᠢᠯᠤᠰᠢ ᠶᠢᠨ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ᠂ ᠲᠤᠮᠤ ᠳᠤᠮᠳᠠ ᠠᠭᠤᠷᠬᠠᠢ ᠶᠢᠨ ᠦᠢᠯᠡᠰ ᠤᠨ 10 | ᠲᠦᠮᠡᠨ ᠲᠣᠨ / ᠵᠢᠯ ᠤᠨ ᠳᠡᠭᠡᠳᠦ ᠴᠡᠪᠡᠷ ᠲᠡᠮᠦᠷ ᠵᠡᠷᠭᠡ ᠵᠦᠢᠯᠡᠰ ᠢ ᠬᠡᠷᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠲᠦᠷᠭᠡᠯᠡᠨ ᠠᠬᠢᠭᠤᠯᠵᠤ᠂ ᠠᠵᠤ ᠦᠢᠯᠡᠰ ᠤᠨ | ᠬᠡᠯᠬᠢᠶ᠎ᠡ ᠶᠢ ᠳᠣᠣᠷᠠᠳᠤ ᠤᠷᠤᠰᠬᠠᠯ ᠲᠡᠶᠢᠰᠢ ᠤᠷᠲᠤᠳᠬᠠᠵᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠳᠡᠰ ᠲᠡᠶᠢᠰᠢ ᠳᠡᠭᠡᠭᠰᠢᠯᠡᠭᠦᠯᠬᠦ ᠶᠢ ᠠᠬᠢᠭᠤᠯᠤᠨ᠎ᠠ᠃ | | ᠲᠠᠪᠴᠠᠩ ᠤᠨ ᠳᠠᠭᠠᠭᠠᠬᠤ ᠴᠢᠳᠠᠪᠤᠷᠢ ᠶᠢᠨ ᠳᠡᠭᠡᠭᠰᠢᠯᠡᠯᠲᠡ ᠠᠴᠠ ᠦᠷ᠎ᠡ ᠠᠰᠢᠭ ᠣᠯᠣᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠠᠰᠤ | ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠣᠬᠢᠷᠲᠤᠯ ᠥᠬᠡᠶ ᠠᠵᠤ ᠦᠢᠯᠡᠰ ᠤᠨ ᠲᠥᠪᠯᠡᠷᠡᠯ ᠤᠨ ᠣᠷᠣᠨ ᠢ | ᠪᠥᠲᠥᠭᠡᠨ ᠪᠠᠶᠢᠭᠤᠯᠬᠤ ᠶᠢᠨ ᠲᠣᠭᠤᠷᠢᠨ ᠳᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠲᠥᠬᠦᠷᠵᠢᠭᠦᠯᠦᠨ | ᠲᠡᠭᠦᠯᠳᠡᠷᠵᠢᠭᠦᠯᠵᠦ᠂ ᠰᠤᠯᠠ ᠪᠠᠶᠢᠭ᠎ᠠ ᠭᠠᠵᠠᠷ ᠰᠢᠷᠣᠶ ᠪᠠ ᠦᠢᠯᠡᠳᠪᠦᠷᠢ ᠶᠢᠨ ᠬᠡᠷ ᠪᠠᠶᠢᠰᠢᠩ ᠢ ᠡᠮᠬᠢᠯᠡᠨ ᠨᠡᠶᠢᠯᠡᠭᠦᠯᠵᠦ ᠠᠰᠢᠭᠯᠠᠬᠤ ᠶᠢ ᠲᠦᠷᠭᠡᠳᠬᠡᠨ᠂ ᠪᠣᠬᠢᠷᠳᠣᠯ | ᠦᠬᠡᠢ ᠴᠠᠬᠢᠯᠭᠠᠨ᠂ ᠠᠭᠤᠷ᠂ ᠪᠠᠶᠢᠭᠠᠯᠢ ᠶᠢᠨ ᠰᠢᠲᠠᠮᠠᠬᠠᠶ ᠬᠡᠶ ᠵᠡᠷᠭᠡ ︽ᠪᠣᠬᠢᠷᠳᠦᠯ ᠦᠬᠡᠢ ᠡᠨᠧᠷᠭᠢ︾ ᠶᠢ ᠰᠢᠭᠤᠳ ᠬᠦᠷᠢᠶᠡᠯᠡᠩ ᠲᠣᠭᠤᠷᠢᠭ ᠲᠤ ᠬᠠᠩᠭᠠᠬᠤ ᠶᠢ | ᠠᠬᠢᠭᠤᠯᠵᠤ᠂ ᠣᠶᠤᠨᠴᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠢ ᠮᠠᠭᠠᠳᠯᠠᠨ | ᠲᠣᠭᠲᠠᠭᠠᠬᠤ ᠶᠢ ᠪᠡᠶᠡᠯᠡᠭᠦᠯᠵᠦ᠂ ︽ᠨᠡᠭᠦᠷᠡᠰᠦᠲᠥ᠋ᠷᠥᠭᠴᠢ ᠦᠭᠡᠢ︾ ᠬᠦᠷᠢᠶᠡᠯᠡᠩ ᠲᠣᠭᠤᠷᠢᠭ ᠢ ᠪᠠᠶᠢᠭᠤᠯᠵᠤ᠂ ᠲᠥᠷᠦᠯ ᠵᠦᠢᠯ ᠤᠨ ᠳᠠᠭᠠᠭᠠᠴᠠ ᠶᠢᠨ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠥᠬᠡᠬᠤᠲᠠ ᠪᠤᠭᠤᠲᠤ ᠣᠷᠳᠣᠰ ᠵᠡᠷᠭᠡ ᠡᠷᠭᠢᠨ ᠲᠣᠭᠤᠷᠢᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ | ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠠᠵᠤ ᠦᠢᠯᠡᠰ ᠢ ᠲᠥᠬᠦᠷᠵᠢᠭᠦᠯᠬᠦ ᠠᠵᠢᠯ ᠢ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠲᠡᠮᠦᠷ ᠵᠠᠮ ᠤᠨ ᠲᠤᠰᠬᠠᠶ ᠱᠤᠭᠤᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠭᠠᠭᠴᠠᠮᠤᠳᠤ ᠪᠣᠭᠤᠮᠲᠠ ᠶᠢᠨ ᠬᠢᠯᠢ ᠪᠠᠷ ᠥᠩᠭᠡᠷᠡᠬᠦ ᠡᠬᠢ | ᠪᠠᠶᠠᠯᠢᠭ ᠢ ᠪᠣᠯᠪᠠᠰᠤᠷᠠᠭᠤᠯᠤᠨ ᠠᠰᠢᠭᠯᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠡᠬᠢ ᠪᠠᠶᠠᠯᠢᠭ ᠤᠨ ᠪᠠᠷᠠᠭ᠎ᠠ ᠶᠢᠨ | ᠬᠦᠢᠯᠭᠡᠭᠡᠨ ᠤ ᠡᠳ᠋ᠰᠢᠭᠦᠯᠬᠦ ᠠᠵᠤ ᠦᠢᠯᠡᠰ ᠤᠨ ᠰᠦᠷᠦᠭᠵᠢᠯ ᠢ ᠪᠠᠶᠢᠭᠤᠯᠤᠨ᠎ᠠ᠃ | ︵ᠳᠥᠷᠪᠡ︶ ᠭᠤᠣᠯᠳᠠᠯᠭ᠎ᠠ ᠪᠠᠨ ᠲᠣᠪᠤᠶᠢᠯᠭᠠᠨ ᠲᠦᠷᠦᠯ ᠲᠡᠮᠳᠡᠭ ᠢ ᠡᠭᠦᠳᠴᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ | ᠰᠢᠪᠲᠤᠯᠤᠯᠲᠠ ᠶᠢ ᠡᠷᠢᠯᠬᠢᠯᠡᠨ᠎ᠡ᠃ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ | ᠬᠠᠮᠵᠢᠯᠴᠠᠭᠤᠯᠤᠨ ᠤᠷᠤᠭᠰᠢᠯᠠᠭᠤᠯᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠦᠢᠯᠡᠰ ᠤᠨ ᠬᠤᠷᠳᠤᠴᠠ ᠶᠢ ᠳᠡᠭᠡᠭᠰᠢᠯᠡᠭᠦᠯᠬᠦ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ᠂ ᠬᠤᠪᠢ ᠶᠢᠨ ᠵᠢᠩ ᠤᠨ ᠳᠡᠭᠡᠭᠰᠢᠯᠡᠯᠲᠡ᠂ ᠪᠦᠲᠦᠴᠡ ᠶᠢᠨ ᠳᠡᠭᠡᠭᠰᠢᠯᠡᠯᠲᠡ ᠶᠢ | ᠲᠦᠯᠬᠢᠨ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ︽几︾ | ᠥᠰᠥᠭ ᠤᠨ ᠮᠤᠷᠦ᠋ᠢᠯᠲᠠ ᠶᠢᠨ ᠰᠣᠶᠣᠯ ᠵᠢᠭᠤᠯᠴᠢᠯᠠᠯ ᠤᠨ ᠪᠦᠰᠡ ᠶᠢ ᠬᠥᠭᠵᠢᠭᠦᠯᠬᠦ ᠠᠵᠠ ᠲᠣᠬᠢᠶᠠᠯ ᠢ ᠴᠢᠩᠭ᠎ᠠ ᠠᠳᠬᠤᠵᠤ᠂ ᠪᠣᠳᠠᠲᠤ ᠬᠦᠴᠦᠨ ᠢᠶᠠᠷ ᠴᠢᠩᠭ᠎ᠠ | ᠵᠢᠭᠤᠯᠴᠢᠯᠠᠯ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠳᠡᠭᠡᠭᠰᠢᠯᠡᠭᠦᠯᠵᠦ᠂ ᠤᠷᠠᠳ | ᠠᠶᠢᠮᠠᠭ᠂ ᠤᠯᠠᠭᠠᠨᠰᠤᠬᠠᠢ᠂ ᠰᠠᠨ ᠬᠤ᠋ ᠡᠷᠲᠡᠨ ᠤ ᠣᠯᠣᠮ᠂ ᠬᠠᠰᠠᠷ ᠰᠣᠶᠣᠯ ᠤᠨ ᠬᠦᠷᠢᠶᠡᠯᠡᠩ᠂ ᠭᠦᠩ ᠲᠢᠶᠠᠨ ᠲᠣᠰᠬᠤᠨ ᠵᠡᠷᠭᠡ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠢ ᠨᠡᠶᠢᠳᠬᠡᠨ ᠬᠤᠯᠪᠣᠵᠤ᠂ ᠮᠤᠨᠠ ᠠᠭᠤᠯᠠ ᠶᠢᠨ ᠺᠠᠩ ᠶᠠᠩ ᠵᠠᠩ ᠦᠢᠯᠡ ᠶᠢᠨ ᠲᠣᠰᠬᠤᠨ᠂ ᠬᠤᠪᠢᠰᠬᠠᠯ ᠤᠨ ᠰᠣᠶᠣᠯ ᠤᠨ ᠳᠡᠯᠭᠡᠨ ᠦᠵᠡᠭᠦᠯᠦᠯᠭᠡ ᠶᠢᠨ | ᠣᠷᠳᠣᠨ ᠵᠡᠷᠭᠡ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠶᠢᠨ ᠵᠢᠭᠤᠯᠴᠢᠯᠠᠯ᠂ ᠬᠤᠪᠢᠰᠬᠠᠯ ᠤᠨ ᠵᠢᠭᠤᠯᠴᠢᠯᠠᠯ᠂ | ᠰᠣᠶᠣᠯ ᠤᠨ ᠵᠢᠭᠤᠯᠴᠢᠯᠠᠯ᠂ ᠪᠡᠶᠡᠴᠢᠯᠡᠨ ᠣᠶᠢᠯᠠᠭᠠᠬᠤ ᠵᠢᠭᠤᠯᠴᠢᠯᠠᠯ ᠵᠡᠷᠭᠡ ︽ ᠥᠨᠵᠢᠬᠦ ᠵᠢᠭᠤᠯᠴᠢᠯᠠᠯ︾ ᠤᠨ ᠱᠤᠭᠤᠮ ᠢ ᠨᠠᠷᠢᠯᠢᠭ ᠲᠦᠯᠦᠪᠯᠡᠵᠦ᠂ | ᠵᠢᠭᠤᠯᠴᠢᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠦᠬᠦ ᠵᠢᠯ ᠳᠤ 90 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ | ᠵᠢᠭᠤᠯᠴᠢᠯᠠᠯ ᠤᠨ ᠦᠢᠯᠡᠰ ᠤᠨ ᠣᠷᠣᠯᠭ᠎ᠠ ᠶᠢ 7 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ ᠤᠯᠠᠭᠠᠨᠰᠤᠬᠠᠢ ᠨᠠᠭᠤᠷ ᠤᠨ ᠣᠯᠠᠨ ᠤᠯᠤᠰ ᠤᠨ ᠮᠥᠰᠥ ᠴᠠᠰᠤᠨ ᠤ | ᠵᠢᠭᠤᠯᠴᠢᠯᠠᠯ ᠤᠨ ᠨᠠᠶᠢᠷ ᠢ ᠰᠠᠶᠢᠲᠤᠷ ᠡᠷᠭᠢᠯᠡᠵᠦ᠂ ᠮᠤᠨᠠ ᠠᠭᠤᠯᠠ ᠶᠢᠨ ᠴᠠᠰᠤᠨ ᠳᠤ ᠭᠤᠯᠭᠤᠬᠤ ᠲᠠᠯᠠᠪᠠᠶ ᠶᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠮᠥᠰᠥ | ᠴᠠᠰᠤᠨ ᠤ ᠵᠢᠭᠤᠯᠴᠢᠯᠠᠯ ᠤᠨ ᠰᠢᠨ᠎ᠡ ᠲᠥᠷᠥᠯ ᠲᠡᠮᠳᠡᠭ ᠢ ᠴᠢᠷᠮᠠᠶᠢᠨ ᠡᠭᠦᠳᠴᠦ᠂ ︽ᠬᠦᠢᠲᠡᠨ ᠡᠬᠢ ᠪᠠᠶᠠᠯᠢᠭ︾ ᠤᠨ ︽ᠬᠠᠯᠠᠭᠤᠨ ᠦᠢᠯᠡᠳᠦᠯ︾ ᠢ ᠭᠠᠷᠭᠠᠵᠤ᠂ | ᠣᠯᠠᠨ ᠤ ᠬᠦᠷᠢᠶᠡᠯᠡᠯ ᠢ ᠣᠯᠵᠤ᠂ ᠨᠡᠷ᠎ᠡ ᠠᠯᠳᠠᠷ ᠢᠶᠠᠨ ᠦᠨᠡᠨ ᠬᠦ ᠮᠠᠨᠳᠤᠭᠤᠯᠤᠨ᠎ᠠ᠃ | ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠪᠤᠶᠢᠵᠢᠭᠤᠯᠤᠨ ᠬᠦᠴᠦᠷᠬᠡᠭᠵᠢᠭᠦᠯᠦᠨ᠎ᠡ᠃ ᠲᠣᠭᠠᠴᠢᠯᠠᠭᠰᠠᠨ ᠰᠢᠨ᠎ᠡ ᠠᠵᠤ ᠠᠬᠤᠶ ᠶᠢᠨ ᠺᠣᠮᠫᠠᠨᠢ ᠶᠢᠨ | ᠦᠢᠯᠡᠳᠦᠯ ᠢ ᠬᠦᠢᠴᠡᠳ ᠪᠠᠳᠠᠷᠠᠭᠤᠯᠵᠤ᠂ ᠲᠣᠰ ᠭᠠᠵᠠᠷ ᠤᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ᠂ ᠡᠯᠧᠺᠲᠷᠣᠨ ᠬᠤᠳᠠᠯᠳᠤᠭᠠᠨ ᠤ ᠦᠢᠯᠡᠳᠭᠦᠨ ᠤ | ᠡᠬᠢ ᠪᠠᠶᠠᠯᠢᠭ ᠲᠠᠢ ᠡᠮᠬᠢᠯᠡᠨ ᠨᠡᠶᠢᠯᠡᠭᠦᠯᠬᠦ ᠪᠠ ᠬᠠᠷᠢᠯᠴᠠᠨ ᠠᠬᠢᠭᠤᠯᠬᠤ ᠶᠢ ᠴᠢᠩᠭᠠᠷᠠᠭᠤᠯᠤᠨ᠂ ᠡᠯ᠎ᠡ ᠲᠥᠷᠥᠯ ᠤᠨ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠪᠠ ᠬᠠᠰ ᠵᠡᠷᠭᠡ ᠣᠨᠴᠠᠯᠢᠭᠲᠤ ᠦᠢᠯᠡᠳᠭᠦᠨ ᠤ ᠲᠤᠤᠷ | ᠰᠦᠯᠵᠢᠶ᠎ᠡ ᠪᠠᠷ ᠪᠣᠷᠣᠯᠠᠭᠤᠯᠬᠤ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃ ᠲᠦᠷᠭᠡᠨ ᠬᠤᠷᠳᠤᠴᠠᠲᠤ ︽ᠵᠢᠩᠬᠢᠨᠢ ᠡᠷᠳᠡᠨᠢ ᠶᠢᠨ ᠬᠥᠮᠥᠷᠭᠡ︾ | ᠂ ︽QIC ᠬᠥᠮᠥᠷᠭᠡᠯᠡᠨ ᠬᠠᠳᠠᠭᠠᠯᠠᠬᠤ ᠦᠢᠯᠡᠴᠢᠯᠡᠬᠡᠨ ᠤ ᠬᠤᠳᠠᠯᠳᠤᠭᠠᠴᠢᠨ︾ ᠪᠠ ᠰᠤᠪᠤᠳ ᠡᠷᠳᠡᠨᠢ ᠰᠦᠯᠵᠢᠶᠡᠨ ᠳᠡᠭᠡᠷᠡᠬᠢ ᠠᠷᠠᠯᠵᠢᠶᠠᠨ ᠤ ᠬᠢᠨᠠᠨ | ᠲᠣᠭᠲᠠᠭᠠᠯᠲᠠ ᠶᠢᠨ ᠲᠤᠬᠠᠶᠢᠯᠠᠭᠰᠠᠨ ᠠᠵᠢᠯ ᠤᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠵᠦ᠂ ᠮᠠᠨ ᠤ ᠬᠤᠰᠢᠭᠤᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ | ᠳᠠᠭᠠᠭᠤᠯᠬᠤ ᠠᠵᠤ ᠦᠢᠯᠡᠰ ᠤᠨ ᠦᠷᠭᠦᠯᠵᠢᠯᠡᠨ ᠬᠥᠭᠵᠢᠬᠦ ᠳᠤ ᠰᠠᠭᠤᠷᠢ ᠲᠠᠯᠪᠢᠨ᠎ᠠ᠃ | ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠰᠡᠷᠭᠦᠭᠡᠨ ᠳᠡᠭᠡᠭᠰᠢᠯᠡᠭᠦᠯᠦᠨ᠎ᠡ᠃ ᠦᠢᠯᠡᠴᠢᠯᠡᠬᠡᠨ ᠤ ᠦᠢᠯᠡᠰ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ | ᠬᠡᠷᠡᠭᠵᠢᠭᠦᠯᠵᠦ᠂ ᠡᠯ᠎ᠡ ᠲᠥᠷᠥᠯ ᠤᠨ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠳᠤ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠶᠠᠨᠴᠢᠳ ᠤᠨ ᠲᠡᠭᠡᠭᠡᠪᠦᠷᠢ ᠵᠡᠷᠭᠡ ᠠᠵᠢᠯ | ᠲᠥᠷᠥᠯ ᠤᠨ ᠠᠵᠤ ᠠᠬᠤᠶᠢᠯᠠᠯ ᠢ ᠬᠠᠪᠰᠤᠷᠤᠨ ᠳᠡᠮᠵᠢᠵᠦ ᠪᠠᠶᠢᠭᠠᠳ ᠳᠠᠭᠠᠭᠠᠵᠤ ᠳᠡᠶᠢᠯᠬᠦ᠂ ᠪᠡᠷᠬᠡ ᠪᠣᠭᠤᠮᠲᠠ ᠶᠢ ᠳᠤᠭᠤᠯᠬᠤ᠂ ᠡᠷᠡᠮᠡᠯᠵᠡᠯ ᠲᠠᠢ ᠪᠣᠯᠭᠠᠵᠤ᠂ ᠳᠠᠬᠢᠨ | ᠰᠢᠨ᠎ᠡ ᠪᠠᠷ ᠠᠮᠢᠵᠢᠷᠠᠯ ᠤᠨ ᠬᠦᠴᠦᠨ ᠣᠯᠭᠤᠨ᠎ᠠ᠃ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠣᠯᠠᠨ ᠳᠠᠪᠲᠠᠮᠵᠢ᠂ ᠣᠯᠠᠨ ᠶᠠᠩᠵᠤ ᠪᠠᠷ ᠡᠷᠭᠢᠯᠡᠵᠦ᠂ ᠰᠢᠨ᠎ᠡ | ᠡᠨᠧᠷᠭᠢ ᠶᠢᠨ ᠮᠠᠰᠢᠨ ᠲᠡᠷᠭᠡ᠂ ᠪᠣᠬᠢᠷᠲᠤᠯ ᠥᠬᠡᠶ ᠬᠡᠷ ᠤᠨ ᠴᠠᠬᠢᠯᠭᠠᠨ ᠬᠡᠷᠡᠭᠰᠡᠯ ᠵᠡᠷᠭᠡ ᠳᠤᠤᠷ᠎ᠠ ᠨᠡᠭᠦᠷᠡᠰᠦᠲᠥ᠋ᠷᠥᠭᠴᠢᠲᠦ ᠬᠡᠷᠡᠭᠯᠡᠭᠡ ᠶᠢ ᠵᠣᠷᠢᠭᠵᠢᠭᠤᠯᠵᠤ᠂ | ᠰᠥᠨᠢ ᠶᠢᠨ ᠠᠵᠤ ᠠᠬᠤᠶ᠂ ᠳᠡᠯᠭᠡᠭᠡ ᠮᠠᠶᠢᠮᠠᠶ ᠶᠢᠨ ᠠᠵᠤ ᠠᠬᠤᠶ ᠶᠢᠨ ᠬᠥᠭᠵᠢᠯᠲᠡ ᠶᠢ ᠵᠢᠷᠤᠮᠵᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠬᠠᠮᠤᠭ ᠤᠨ ᠶᠡᠭᠡ | ᠬᠡᠮᠵᠢᠶ᠎ᠡ ᠪᠠᠷ ᠬᠥᠭᠵᠢᠭᠡᠨ᠎ᠡ᠃ | ︵ ᠲᠠᠪᠤ︶ ᠴᠢᠳᠠᠮᠵᠢ ᠶᠢᠨ ᠳᠡᠰ ᠳᠡᠪᠰᠢᠬᠦ ᠶᠢ ᠲᠡᠭᠦᠯᠳᠡᠷᠵᠢᠭᠦᠯᠵᠦ᠂ ᠰᠠᠶᠢᠨ ᠰᠠᠶᠢᠬᠠᠨ ᠬᠤᠲᠠ ᠶᠢᠨ ᠰᠢᠨ᠎ᠡ ᠳᠦᠷᠢ ᠲᠥᠷᠬᠦ ᠶᠢ ᠪᠤᠢ ᠪᠣᠯᠭᠠᠨ᠎ᠠ᠃ ᠵᠡᠭᠦᠨ | ᠤᠰᠤᠨ ᠰᠢᠰᠲ᠋ᠧᠮ᠂ ᠪᠠᠷᠠᠭᠤᠨ ᠨᠡᠪᠲᠡᠷᠡᠬᠦ ᠵᠠᠮ᠂ ᠡᠮᠦᠨᠡᠲᠤ ᠰᠢᠨᠡᠴᠢᠯᠡᠯᠲᠡ᠂ ᠤᠮᠠᠷᠠᠲᠤ ᠬᠥᠳᠡᠭᠡ ᠲᠣᠰᠬᠤᠨ ᠪᠣᠯᠤᠨ ᠢᠵᠢ ᠪᠦᠷᠢᠳᠦᠭᠰᠡᠨ ︽4 + 1︾ | ᠰᠡᠳᠬᠢᠴᠡ ᠶᠣᠰᠣᠭᠠᠷ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠮᠠᠨ ᠤ ᠬᠤᠳᠠ ᠪᠠᠨ ᠵᠢᠯ ᠪᠦᠷᠢ ᠰᠢᠨ᠎ᠡ ᠳᠦᠷᠰᠦ ᠪᠠᠶᠢᠳᠠᠯ ᠲᠠᠢ ᠪᠣᠯᠭᠠᠨ᠎ᠠ᠃ | ᠰᠠᠭᠤᠷᠢ ᠲᠥᠬᠦᠭᠡᠷᠦᠮᠵᠢ ᠶᠢᠨ ︽ᠪᠠᠷᠢᠮᠵᠢᠶ᠎ᠠ ᠶᠢ ᠳᠡᠭᠡᠭᠰᠢᠯᠡᠭᠦᠯᠬᠦ︾ ᠶᠢ ᠠᠬᠢᠭᠤᠯᠤᠨ᠎ᠠ᠃ ᠳ᠋ᠦᠩ ᠹᠧᠩ ᠶᠡᠭᠡ ᠵᠡᠭᠡᠯᠢ᠂ ᠳ᠋ᠦᠩ ᠱᠧᠩ ᠶᠡᠭᠡ ᠵᠡᠭᠡᠯᠢ ᠶᠢᠨ | ᠪᠠᠷᠠᠭᠤᠨᠰᠢ ᠤᠷᠲᠤᠳᠬᠠᠭᠰᠠᠨ ᠬᠡᠰᠡᠭ᠂ ᠡᠮᠦᠨ᠎ᠡ ᠲᠣᠭᠤᠷᠢᠯ ᠵᠠᠮ ᠵᠡᠷᠭᠡ ᠵᠠᠮ ᠤᠨ ᠰᠢᠨ᠎ᠡ ᠪᠠᠷ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ 6.9 ᠺᠢᠯᠤᠮᠧᠲᠷ | ᠬᠡᠷᠡᠭᠵᠢᠭᠦᠯᠵᠦ᠂ ᠪᠠᠶᠠᠨᠬᠤᠸᠠ ᠶᠡᠭᠡ ᠵᠡᠭᠡᠯᠢ᠂ ᠴᠠᠩ ᠱᠧᠩ ᠵᠡᠭᠡᠯᠢ ᠵᠡᠷᠭᠡ 4 ᠵᠤᠷᠪᠤᠰ ᠭᠤᠣᠯ ᠵᠠᠮ ᠤᠨ ᠮᠥᠷᠥ ᠶᠢ 4.6 ᠲᠦᠮᠡᠨ ᠲᠡᠭᠰᠢ ᠳᠥᠷᠪᠡᠯᠵᠢᠨ ᠮᠧᠲᠷ | ᠥᠭᠡᠷᠡᠴᠢᠯᠡᠨ ᠰᠢᠨᠡᠳᠬᠡᠵᠦ᠂ ᠬᠤᠲᠠ ᠶᠢᠨ ᠲᠣᠭᠤᠷᠢᠭ ᠤᠨ ᠵᠠᠮ ᠤᠨ ᠲᠣᠣᠷ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠮ ᠨᠡᠪᠲᠡᠷᠡᠯᠭᠡ ᠶᠢᠨ | ᠴᠢᠨᠠᠷ ᠴᠢᠨᠰᠠᠭ᠎ᠠ ᠶᠢ ᠳᠡᠭᠡᠭᠰᠢᠯᠡᠬᠦᠯᠦᠨ᠎ᠡ᠃ ᠤᠰᠤ᠂ ᠴᠠᠬᠢᠯᠭᠠᠨ᠂ ᠬᠡᠢ ᠂ ᠢᠯᠴᠢ ᠬᠠᠩᠭᠠᠬᠤ ᠵᠡᠷᠭᠡ ᠠᠵᠢᠯᠯᠠᠭᠠᠨ ᠤ ᠪᠠᠲᠤᠯᠠᠭ᠎ᠠ ᠶᠢ ᠴᠢᠩᠭᠠᠳᠬᠠᠵᠤ᠂ ᠬᠤᠲᠠ | ᠲᠣᠭᠤᠷᠢᠭ ᠤᠨ ᠢᠯᠴᠢ ᠬᠠᠩᠭᠠᠬᠤ᠂ ᠤᠰᠤ ᠬᠠᠩᠭᠠᠬᠤ ᠤᠰᠤ ᠵᠠᠯᠠᠬᠤ ᠵᠡᠷᠭᠡ ᠭᠠᠵᠠᠷ ᠳᠣᠣᠷᠠᠬᠢ ᠬᠤᠭᠤᠯᠠᠢ ᠶᠢ 11.1 ᠺᠢᠯᠤᠮᠧᠲᠷ ᠤᠨ ᠥᠭᠡᠷᠡᠴᠢᠯᠡᠯᠲᠡ ᠶᠢ | ᠬᠡᠷᠡᠭᠵᠢᠭᠦᠯᠵᠦ᠂ ᠮᠤᠨᠠ ᠠᠭᠤᠯᠠ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ᠂ ᠪᠣᠬᠢᠷ ᠰᠢᠪᠠᠷ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠷᠢᠯᠭᠠᠬᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠬᠤᠲᠠ ᠶᠢᠨ ᠠᠷᠠᠳ ᠤᠨ ᠠᠮᠢᠳᠤᠷᠠᠯ ᠢ ᠨᠠᠩ ᠲᠠᠭᠠᠯᠠᠮᠵᠢᠲᠠᠢ ᠪᠣᠯᠭᠠᠨ᠎ᠠ᠃ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ︽ᠶᠠᠰᠤ ᠴᠢᠨᠠᠷ ᠢ ᠳᠡᠭᠡᠭᠰᠢᠯᠡᠭᠦᠯᠬᠦ︾ ᠶᠢ ᠠᠬᠢᠭᠤᠯᠤᠨ᠎ᠠ᠃ ᠬᠠᠭᠤᠴᠢᠨ ᠬᠤᠲᠠ ᠶᠢᠨ ᠲᠣᠭᠤᠷᠢᠭ ᠤᠨ ᠵᠠᠰᠠᠨ | ᠨᠥᠬᠦᠪᠥᠷᠢᠯᠡᠬᠦ ᠥᠭᠡᠷᠡᠴᠢᠯᠡᠯᠲᠡ ᠶᠢ ᠰᠠᠢᠲᠤᠷ ᠠᠳᠬᠤᠵᠤ᠂ 1.25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠦ ᠳ᠋ᠢᠶᠠᠨ ᠰᠠᠭᠤᠭᠠᠯᠢ ᠲᠣᠭᠤᠷᠢᠭ᠂ ᠽᠢ | ᠴᠧᠨ ᠰᠠᠭᠤᠭᠠᠯᠢ ᠲᠣᠭᠤᠷᠢᠭ᠂ ᠾᠧ ᠫᠢᠩ ᠵᠢᠶᠠ ᠶᠤᠸᠠᠨ ᠵᠡᠷᠭᠡ 11 ᠬᠠᠭᠤᠴᠢᠨ ᠰᠠᠭᠤᠭᠠᠯᠢ ᠲᠣᠭᠤᠷᠢᠭ ᠪᠠ ᠯᠢ ᠵᠢᠩ ᠰᠢᠨ᠎ᠡ ᠬᠤᠲᠠ᠂ ᠰᠢᠨ ᠶᠤᠸᠠᠨ | ᠰᠠᠭᠤᠭᠠᠯᠢ ᠲᠣᠭᠤᠷᠢᠭ᠂ ᠰᠢᠩ ᠶᠧ ᠬᠤᠸᠠ ᠲᠢᠩ ᠤᠨ ᠣᠶᠢᠷ᠎ᠠ ᠬᠠᠪᠢ ᠶᠢᠨ 3 ᠢᠵᠢ ᠪᠦᠷᠢᠨ ᠪᠤᠰᠤ ᠣᠷᠣᠨ ᠰᠠᠭᠤᠴᠠ ᠶᠢᠨ ᠥᠭᠡᠷᠡᠴᠢᠯᠡᠨ ᠰᠠᠢᠵᠢᠷᠠᠭᠤᠯᠬᠤ | ᠲᠥᠷᠦᠯ ᠵᠦᠢᠯ ᠢ ᠬᠡᠷᠡᠭᠵᠢᠬᠦᠯᠵᠦ᠂ ᠪᠠᠲᠤᠯᠠᠨ ᠲᠤᠰᠢᠶᠠᠬᠤ ᠠᠰᠠᠷ ᠤᠨ ᠡᠭᠦᠷᠭᠡ ᠶᠢ 186 ᠢᠵᠢ ᠪᠡᠶᠡᠯᠡᠭᠦᠯᠵᠦ᠂ ᠬᠠᠭᠤᠴᠢᠨ ᠰᠠᠭᠤᠭᠠᠯᠢ ᠲᠣᠭᠤᠷᠢᠭ᠂ | ᠬᠡᠷᠡᠭᠯᠡᠬᠡᠨ ᠳᠤ ᠣᠷᠣᠭᠰᠠᠨ ᠦᠬᠡᠢ ᠠᠰᠠᠷ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠭᠦᠯᠵᠦ᠂ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠨᠥᠬᠦᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠵᠢᠷᠠᠭᠤᠯᠣᠨ᠎ᠠ᠃ ᠡᠮᠦᠨ᠎ᠡ ᠲᠣᠭᠤᠷᠢᠯ ᠵᠠᠮ᠂ ᠪᠤᠭᠤᠲᠤ ᠠᠴᠠ ᠯᠠᠨᠵᠧᠦ ᠬᠦᠷᠬᠦ ᠲᠡᠮᠦᠷ ᠵᠠᠮ | ᠳᠠᠭᠠᠤ᠂ ᠳ᠋ᠦᠩ ᠹᠧᠩ ᠶᠡᠭᠡ ᠵᠡᠭᠡᠯᠢ ᠶᠢᠨ ᠵᠡᠭᠦᠨ ᠭᠠᠷᠤᠴᠠ᠂ ᠳ᠋ᠦᠩᠱᠧᠩ ᠶᠡᠭᠡ ᠵᠡᠭᠡᠯᠢ ᠶᠢᠨ ᠪᠠᠷᠠᠭᠤᠨ ᠳᠠᠬᠢ ᠤᠷᠲᠤᠳᠬᠠᠭᠰᠠᠨ ᠬᠡᠰᠡᠭ ᠵᠡᠷᠭᠡ ᠲᠠᠲᠠᠪᠤᠷᠢᠯᠠᠨ | ᠨᠤᠷᠠᠭᠠᠵᠤ ᠨᠡᠭᠦᠯᠭᠡᠬᠦ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠬᠠᠭᠤᠴᠢᠨ ᠬᠤᠲᠠ ᠶᠢᠨ ᠲᠣᠭᠤᠷᠢᠭ ᠤᠨ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠶᠠᠰᠤ ᠴᠢᠨᠠᠷ ᠪᠠᠭᠤᠷᠠᠭᠰᠠᠨ᠂ ᠣᠷᠣᠨ ᠵᠠᠶ ᠶᠢᠨ ᠡᠮᠬᠢ ᠳᠢᠭᠯᠢᠮ ᠰᠠᠮᠠᠭᠤᠷᠠᠭᠰᠠᠨ ᠪᠠ ᠰᠤᠯᠠ ᠬᠠᠶᠠᠭᠳᠠᠭᠰᠠᠨ ᠬᠠᠭᠤᠴᠢᠨ ᠪᠠᠷᠢᠯᠭ᠎ᠠ ᠶᠢᠨ ᠠᠮᠤᠷ | ᠲᠦᠪᠰᠢᠨ ᠤ ᠳᠠᠯᠳᠠ ᠭᠡᠮ ᠵᠡᠷᠭᠡ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠬᠠᠭᠤᠴᠢᠨ ᠬᠤᠲᠠ ᠶᠢᠨ ᠲᠣᠭᠤᠷᠢᠭ ᠤᠨ ᠴᠢᠳᠠᠮᠵᠢ ᠪᠠ ᠠᠮᠢᠵᠢᠷᠠᠯ ᠤᠨ | ᠬᠦᠴᠦᠨ ᠢ ᠰᠡᠷᠭᠦᠭᠡᠨ᠎ᠡ᠃ ᠰᠢᠨ᠎ᠡ ᠬᠤᠲᠠ ᠲᠣᠭᠤᠷᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠲᠥᠬᠦᠷᠵᠢᠭᠦᠯᠬᠦ ᠶᠢ ᠰᠠᠶᠢᠲᠤᠷ ᠠᠳᠬᠤᠨ᠎ᠠ᠃ ᠪᠤᠭᠤᠲᠤ ᠠᠴᠠ | ᠢᠷᠭᠠᠶ ᠬᠦᠷᠬᠦ ᠳᠡᠭᠡᠲᠤ ᠬᠤᠷᠳᠣᠴᠠᠲᠣ ᠲᠡᠮᠦᠷ ᠵᠠᠮ ᠤᠨ ᠥᠷᠲᠡᠭᠡ ᠶᠢᠨ ᠡᠮᠦᠨᠡᠬᠢ ᠠᠭᠤᠳᠠᠮ ᠲᠠᠯᠠᠪᠠᠢ᠂ ᠮᠤᠨᠠ ᠠᠭᠤᠯᠠ ᠶᠢᠨ ᠳᠡᠭᠡᠲᠤ ᠬᠤᠷᠳᠣᠴᠠᠲᠣ ᠵᠠᠰᠠᠮᠠᠯ | ᠵᠠᠮ ᠤᠨ ᠪᠠᠷᠠᠭᠤᠨ ᠭᠠᠷᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠡᠷᠭᠢᠨ ᠲᠣᠭᠤᠷᠢᠨ ᠤ ᠰᠠᠭᠤᠷᠢ ᠪᠡᠯᠡᠳᠬᠡᠮᠵᠢ᠂ ᠬᠤᠳᠠᠯᠳᠤᠭ᠎ᠠ ᠣᠷᠣᠨ | ᠰᠠᠭᠤᠴᠠ ᠶᠢᠨ ᠨᠡᠭᠡᠭᠡᠯᠲᠡ᠂ ᠣᠯᠠᠨ ᠨᠡᠶᠢᠲᠡ ᠶᠢᠨ ᠲᠥᠬᠦᠷᠵᠢᠭᠦᠯᠦᠯᠲᠡ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ︽ᠰᠢᠨ᠎ᠡ | ᠭᠠᠵᠠᠷ ᠣᠷᠣᠨ ᠤ ᠲᠡᠮᠳᠡᠭ︾ ᠢ ᠪᠤᠢ ᠪᠣᠯᠭᠠᠨ᠎ᠠ᠃ ᠪᠡᠶ᠎ᠡ ᠲᠠᠮᠢᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠬᠤᠲᠠ ᠶᠢᠨ ᠤᠮᠠᠷᠠᠳᠠᠬᠢ ᠬᠥᠳᠡᠭᠡ | ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠬᠦᠪ ᠤᠨ ᠠᠷᠣ ᠶᠢᠨ ᠠᠮᠢ ᠠᠬᠤᠶ ᠶᠢᠨ ᠴᠡᠴᠡᠷᠯᠢᠭ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠪᠠ ᠠᠮᠢ ᠠᠬᠤᠶ ᠶᠢᠨ | ᠣᠷᠣᠨ ᠵᠠᠶ ᠶᠢ ᠭᠦᠢᠴᠡᠳ ᠠᠰᠢᠭᠯᠠᠨ᠂ ᠬᠤᠲᠠ ᠶᠢᠨ ᠠᠵᠢᠯᠯᠠᠭᠠᠨ ᠤ ᠴᠢᠳᠠᠮᠵᠢ ᠶᠢ ᠲᠠᠰᠤᠷᠠᠯᠲᠠ ᠤᠢᠭᠡᠢ ᠴᠢᠩᠭᠠᠷᠠᠭᠤᠯᠵᠤ᠂ ᠬᠤᠲᠠ ᠶᠢᠨ ᠨᠣᠭᠤᠭᠠᠨ | ᠬᠥᠷᠥᠰᠥ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠰᠢᠨ᠎ᠡ ᠬᠤᠲᠠ ᠶᠢᠨ ᠲᠣᠭᠤᠷᠢᠭ ᠢ ᠨᠡᠩ ᠰᠠᠭᠤᠷᠢᠰᠢᠬᠤ ᠳᠤ ᠲᠣᠬᠢᠷᠠᠮᠵᠢᠲᠠᠶ ᠲᠠᠭᠠᠯᠠᠮᠵᠢᠲᠠᠶ ᠪᠠᠶᠢᠬᠤ ᠶᠢ | ᠠᠬᠢᠭᠤᠯᠤᠨ᠎ᠠ᠃ | ᠬᠤᠲᠠ ᠶᠢᠨ ᠵᠠᠰᠠᠯᠲᠠ ᠶᠢᠨ ︽ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠠᠬᠢᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠤᠶᠤᠨᠲᠤ ᠬᠤᠲᠠ ᠶᠢᠨ ᠬᠠᠮᠢᠶᠠᠷᠤᠯᠲᠠ︾ ᠶᠢᠨ ᠲᠣᠭᠠᠴᠢᠯᠠᠭᠰᠠᠨ ᠲᠠᠪᠴᠠᠩ ᠤᠨ ᠦᠢᠯᠡᠳᠦᠯ ᠢ | ᠪᠠᠳᠠᠷᠠᠭᠤᠯᠤᠨ᠂ ᠬᠤᠲᠠ ᠶᠢᠨ ᠬᠠᠮᠢᠶᠠᠷᠤᠯᠲᠠ ᠶᠢᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠪᠢᠲᠡᠭᠦᠮᠵᠢᠯᠡᠭᠰᠡᠨ ᠲᠣᠭᠲᠠᠴᠠ ᠶᠢ | ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠳᠦᠷᠢ ᠲᠥᠷᠬᠦ ᠶᠢᠨ | ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ 5 ᠶᠢ ᠨᠡᠮᠡᠵᠦ ᠪᠠᠶᠢᠭᠤᠯᠤᠨ᠂ ᠨᠡᠭᠦᠳᠡᠯ ᠳᠡᠯᠭᠡᠭᠡ | ᠮᠠᠶᠢᠮᠠᠶ᠂ ᠰᠢᠷᠠᠮᠠᠯ ᠤᠨ ᠳᠡᠯᠭᠡᠭᠡ ᠮᠠᠶᠢᠮᠠᠶ ᠵᠡᠷᠭᠡ ᠲᠥᠯᠥᠪᠵᠢᠭᠦᠯᠭᠡ ᠶᠢᠨ ᠵᠠᠬ᠎ᠠ ᠳᠡᠯᠭᠡᠭᠦᠷ ᠢ ᠠᠬᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠬᠡᠨ ᠤ | ᠬᠠᠮᠢᠶᠠᠷᠤᠯᠲᠠ ᠶᠢ ᠴᠢᠩᠭᠠᠷᠠᠭᠤᠯᠵᠤ᠂ ᠠᠳᠠᠯ ᠠᠬᠤᠢ ᠶᠢᠨ ᠦᠢᠯᠡᠴᠢᠯᠡᠬᠡᠨ ᠤ ᠺᠣᠮᠫᠠᠨᠢ ᠶᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ ᠤᠨ ︽ | ᠲᠤᠤᠷᠵᠢᠭᠤᠯᠤᠭᠰᠠᠨ︾ ᠵᠠᠰᠠᠯᠲᠠ ᠳᠤ ᠢᠳᠡᠪᠬᠢᠲᠡᠢ ᠣᠷᠣᠯᠴᠠᠭᠤᠯᠤᠨ᠎ᠠ᠃ ᠰᠠᠭᠤᠭᠠᠯᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠠᠮ ᠢ ᠰᠠᠭᠠᠳ ᠦᠭᠡᠶ | ᠨᠡᠪᠲᠡᠷᠡᠭᠦᠯᠵᠦ᠂ ᠥᠨᠳᠥᠷ ᠪᠠᠷᠢᠯᠭ᠎ᠠ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ | ︵ᠵᠢᠷᠭᠤᠭ᠎ᠠ︶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠪᠣᠯᠭᠠᠨ ᠬᠤᠪᠢᠷᠠᠭᠤᠯᠤᠨ ᠠᠮᠢ ᠠᠬᠤᠢ ᠶᠢ ᠴᠢᠬᠤᠯᠠᠴᠢᠯᠠᠵᠤ᠂ ᠪᠣᠬᠢᠷᠲᠤᠯ ᠦᠭᠡᠢ | ᠪᠠᠷ ᠬᠦᠭᠵᠢᠬᠦᠯᠦᠨ᠎ᠡ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠵᠦ᠂ ᠪᠣᠬᠢᠷᠲᠤᠯ ᠢ ᠵᠠᠰᠠᠬᠤ ᠪᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠭᠵᠢᠯᠲᠡ ᠪᠠ | ᠬᠠᠮᠠᠭᠠᠯᠠᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ | ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠴᠢᠩᠭ᠎ᠠ ᠠᠳᠬᠤᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠠᠲᠤᠨ ᠭᠤᠤᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠪᠠ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠤᠰᠤᠨ ᠤ ᠬᠡᠮᠵᠢᠶ᠎ᠡ ᠪᠠᠷ ᠬᠢᠬᠦ︾ | ᠣᠨᠣᠯᠵᠢᠬᠤᠨ ᠢ ᠪᠠᠲᠤ ᠪᠠᠬᠢ ᠪᠣᠶ ᠪᠣᠯᠭᠠᠨ᠂ ︽ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤ | ᠠᠷᠪᠢᠯᠠᠬᠤ ᠠᠵᠤ ᠦᠢᠯᠡᠰ ᠪᠣᠯᠤᠨ ᠮᠡᠷᠭᠡᠵᠢᠯ ᠢ ᠢᠳᠡᠪᠬᠢᠲᠡᠶ ᠪᠠᠷ ᠳᠡᠯᠭᠡᠷᠡᠭᠦᠯᠦᠨ᠂ ᠤᠰᠤᠨ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ ᠪᠣᠯᠤᠨ ᠨᠣᠷᠮ᠎ᠠ | ᠲᠣᠭᠲᠠᠭᠠᠨ ᠬᠠᠮᠢᠶᠠᠷᠬᠤ᠂ ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ᠂ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠪᠠᠷ ᠳᠠᠮᠵᠢᠭᠤᠯᠤᠨ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠠᠪᠬᠤ ᠣᠨ ᠤ ᠳᠠᠷᠤᠵᠤ ᠪᠠᠭᠠᠰᠬᠠᠬᠤ ᠡᠭᠦᠷᠭᠡ ᠶᠢ ᠪᠦᠬᠦ ᠬᠦᠴᠦᠨ ᠢᠶᠠᠷ ᠢᠶᠠᠨ | ᠪᠡᠶᠡᠯᠡᠭᠦᠯᠦᠨ᠎ᠡ᠃ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠷᠥᠰᠥ ᠰᠢᠷᠣᠶ ᠶᠢᠨ | ᠢᠳᠡᠭᠳᠡᠯ ᠢ ᠵᠠᠰᠠᠬᠤ ᠲᠠᠯᠠᠪᠠᠢ ᠶᠢ 20 ᠲᠡᠭᠰᠢ ᠳᠥᠷᠪᠡᠯᠵᠢᠨ ᠺᠢᠯᠣᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ 19 ᠲᠦᠮᠡᠨ ᠮᠥ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠦᠨ | ᠂ ᠮᠠᠯᠴᠢᠨ ᠲᠠᠷᠢᠶᠠᠴᠢᠳ ᠤᠨ ᠬᠡᠷ ᠪᠠᠶᠢᠰᠢᠩ ᠤᠨ ᠡᠮᠦᠨ᠎ᠡ ᠬᠤᠶᠢᠨ᠎ᠠ᠂ ᠰᠤᠯᠠ ᠪᠠᠶᠢᠭ᠎ᠠ ᠭᠠᠵᠠᠷ ᠰᠢᠷᠣᠶ ᠵᠡᠷᠭᠡ ᠶᠢ ᠠᠰᠢᠭᠯᠠᠨ ᠠᠵᠤ ᠠᠬᠤᠶ ᠶᠢᠨ ᠣᠶ ᠶᠢ | ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠦᠨ᠎ᠡ | ᠃ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠨᠠᠶᠢᠳᠠᠪᠤᠷᠢᠵᠢᠭᠤᠯᠵᠤ᠂ | ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ᠣᠷᠴᠢᠨ ᠲᠣᠭᠤᠷᠢᠨ ᠤ ᠵᠠᠰᠠᠯᠲᠠ ᠶᠢᠨ ᠬᠠᠷᠠᠯᠲᠠ ᠶᠢ ᠪᠠᠲᠤ ᠪᠤᠢ ᠪᠣᠯᠭᠠᠨ᠎ᠠ᠃ ︽ᠭᠤᠷᠪᠠᠨ ᠠᠭᠤᠯᠠ︾ ᠶᠢᠨ ᠠᠮᠢ ᠠᠬᠤᠢ ᠶᠢ ᠰᠡᠷᠭᠦᠭᠡᠬᠦ ᠪᠠ | ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭ᠎ᠠ ᠠᠩᠬᠠᠷᠴᠤ᠂ ︽ᠨᠡᠭᠦᠷᠡᠰᠦ ᠶᠢ ᠪᠠᠭᠠᠰᠬᠠᠬᠤ᠂ ᠲᠡᠷᠭᠡ ᠶᠢ | ᠬᠢᠵᠠᠭᠠᠷᠯᠠᠬᠤ᠂ ᠲᠣᠭᠤᠰᠣ ᠶᠢ ᠬᠤᠷᠢᠭᠯᠠᠬᠤ᠂ ᠰᠢᠲᠠᠬᠤ ᠶᠢ ᠴᠠᠭᠠᠵᠠᠯᠠᠬᠤ᠂ ᠡᠬᠢ ᠰᠤᠷᠪᠤᠯᠵᠢ ᠶᠢ ᠵᠠᠰᠠᠬᠤ︾ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ︽ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠰᠢᠲᠠᠮᠠᠬᠠᠶ ᠬᠡᠶ ᠪᠣᠯᠭᠠᠨ ᠥᠭᠡᠷᠡᠴᠢᠯᠡᠬᠦ︾ ᠶᠢ ᠯᠠᠪᠳᠠᠭᠤᠨ ᠢᠶᠠᠷ ᠠᠬᠢᠭᠤᠯᠵᠤ᠂ ᠠᠭᠠᠷ | ᠮᠠᠨᠳᠠᠯ ᠤᠨ ᠪᠣᠬᠢᠷᠲᠤᠯ ᠤᠨ ᠲᠣᠪᠤᠶᠢᠮ᠎ᠠ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠪᠥᠬᠦ ᠵᠢᠯ ᠤᠨ ᠠᠭᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ ᠶᠢ 92 | % ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ | ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠴᠡᠪᠡᠷᠯᠡᠬᠦ︾ ᠪᠠ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ | ᠭᠠᠵᠠᠷ ᠤᠨ ᠬᠠᠮᠠᠭᠠᠯᠠᠯᠲᠠ ᠶᠢ ᠦᠷᠭᠦᠯᠵᠢᠯᠡᠨ ᠠᠬᠢᠭᠤᠯᠤᠨ᠎ᠠ᠃ ᠬᠦᠷᠦᠰᠦ ᠰᠢᠷᠤᠢ ᠶᠢᠨ ᠪᠤᠬᠢᠷᠳᠤᠯ ᠶᠢ ᠢ ᠰᠡᠷᠬᠡᠶᠢᠯᠡᠨ ᠵᠠᠰᠠᠬᠤ ᠪᠠ ᠬᠠᠳᠠᠭᠤ ᠪᠡᠶᠡᠳᠦ | ᠬᠠᠶᠠᠭᠳᠠᠮᠠᠯ ᠤᠨ ᠬᠠᠮᠢᠶᠠᠷᠤᠯᠳᠠ ᠶᠢ ᠴᠢᠩᠭᠠᠳᠬᠠᠵᠤ᠂ ᠬᠦᠨᠳᠦ ᠲᠡᠮᠦᠷᠯᠢᠭ ᠤᠨ ᠠᠵᠤ ᠠᠬᠤᠶᠢᠯᠠᠯ ᠪᠠ ᠦᠯᠡᠳᠡᠭᠳᠡᠯ ᠬᠦᠳᠡᠷ ᠤᠨ ᠬᠦᠮᠦᠷᠬᠡ ᠶᠢᠨ ᠤᠷᠴᠢᠨ | ᠲᠤᠭᠤᠷᠢᠨ ᠤ ᠠᠶᠤᠯ ᠲᠦᠭᠰᠢᠬᠦᠷᠢ ᠶᠢ ᠵᠢᠭᠰᠠᠭᠠᠨ ᠪᠠᠶᠢᠴᠠᠭᠠᠬᠤ ᠶᠢ ᠠᠬᠢᠭᠤᠯᠵᠤ᠂ ᠮᠤᠨᠠ ᠠᠭᠤᠯᠠ ᠶᠢᠨ ᠬᠢᠮᠢ ᠶᠢᠨ ᠦᠢᠯᠡᠳᠪᠦᠷᠢ᠂ ᠢ ᠶᠤᠸᠠᠨ ᠵᠡᠷᠭᠡ ᠬᠦᠷᠦᠰᠦ | ᠰᠢᠷᠤᠢ ᠶᠢᠨ ᠪᠤᠬᠢᠷᠳᠠᠭᠰᠠᠨ ᠭᠠᠵᠠᠷ ᠢ ᠪᠠᠶᠢᠴᠠᠭᠠᠨᠬᠤ ᠲᠦᠷᠦᠯ ᠵᠦᠢᠯ ᠢ ᠬᠡᠷᠡᠭᠵᠢᠬᠦᠯᠦᠨ᠎ᠡ᠃ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ | ᠦᠷᠭᠦᠯᠵᠢᠯᠡᠨ ᠠᠬᠢᠭᠤᠯᠵᠤ᠂ ᠣᠯᠠᠨ ᠡᠬᠢᠲᠦ ᠪᠣᠬᠢᠷᠲᠤᠯ ᠢ ᠵᠠᠰᠠᠬᠤ ᠵᠢᠱᠢᠶ᠎ᠡ ᠦᠵᠡᠭᠦᠯᠬᠦ ᠴᠡᠭ ᠢ 15 ᠠᠴᠠ ᠳᠡᠭᠡᠭᠰᠢ ᠪᠣᠶ ᠪᠣᠯᠭᠠᠵᠤ᠂ ᠭᠤᠤᠯ ᠪᠣᠯᠬᠤ ᠲᠠᠷᠢᠮᠠᠯ ᠤᠨ | ᠬᠢᠮᠢ ᠶᠢᠨ ᠪᠣᠷᠲᠣᠭᠤᠷ᠂ ᠲᠠᠷᠢᠶᠠᠨ ᠡᠮ ᠤᠨ ᠠᠰᠢᠭᠯᠠᠯᠲᠠ ᠶᠢᠨ ᠨᠣᠷᠮ᠎ᠠ ᠶᠢ ᠲᠣᠰ ᠲᠣᠰ 43.3 % ᠪᠠ 42% ᠪᠣᠯᠲᠠᠯ᠎ᠠ ᠳᠡᠭᠡᠭᠰᠢᠯᠡᠭᠦᠯᠵᠦ᠂ ᠰᠦᠯᠢᠶᠣᠣ | ᠪᠦᠷᠬᠦᠪᠴᠢ ᠶᠢ ᠪᠤᠴᠠᠭᠠᠨ ᠬᠤᠷᠢᠶᠠᠬᠤ ᠨᠣᠷᠮ᠎ᠠ ᠶᠢ 85 % ᠳᠤ ᠲᠣᠭᠲᠠᠪᠣᠷᠢᠵᠢᠭᠤᠯᠤᠨᠠ᠃ ᠲᠡᠮᠦᠷ ᠮᠡᠳᠦ ᠡᠷᠡᠰ ᠬᠠᠳᠠᠭᠤ ᠵᠤᠷᠢᠭ ᠢᠶᠠᠷ᠂ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠵᠠᠷᠯᠠᠨ ᠮᠡᠳᠡᠬᠦᠯᠦᠭᠰᠡᠨ ᠨᠡᠶᠢᠳᠡᠯᠢᠭ ᠵᠢᠱᠢᠶ᠎ᠠ ᠪᠠ ᠲᠤᠰᠬᠠᠭᠰᠠᠨ ᠠᠰᠠᠭᠤᠳᠠᠯ ᠤᠨ ᠣᠨ ᠤ | ᠴᠡᠭᠴᠡᠯᠡᠨ ᠵᠠᠰᠠᠬᠤ ᠡᠭᠦᠷᠭᠡ ᠶᠢ ᠴᠢᠨᠠᠷ ᠰᠠᠶᠢᠳᠠᠢ ᠪᠡᠶᠡᠯᠡᠬᠦᠯᠵᠦ᠂ ᠡᠰᠡᠷᠬᠦ ᠲᠠᠯ᠎ᠠ ᠶᠢᠨ ᠨᠡᠶᠢᠳᠡᠯᠢᠭ ᠵᠢᠱᠢᠶ᠎ᠡ ᠶᠢ ᠵᠦᠪ ᠲᠠᠯ᠎ᠠ ᠶᠢᠨ ᠵᠠᠭᠪᠤᠷ ᠪᠤᠯᠭᠠᠨ ᠬᠤᠪᠢᠷᠠᠭᠤᠯᠤᠨ᠎ᠠ | ᠃ | ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠪᠠᠬᠢᠵᠢᠭᠦᠯᠦᠨ᠎ᠡ᠃ ︽ᠬᠤᠤᠰ ᠨᠡᠭᠦᠷᠡᠰᠦᠲᠥ᠋ᠷᠥᠭᠴᠢ︾ ᠶᠢᠨ ᠠᠵᠢᠯᠯᠠᠭ᠎ᠠ ᠶᠢ | ᠢᠳᠡᠪᠬᠢᠲᠡᠶ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠶᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ︽ᠬᠤᠶᠠᠷ ᠢ | ᠬᠢᠵᠠᠭᠠᠷᠯᠠᠬᠤ︾ ᠳᠠᠰᠢ ᠬᠤᠪᠢᠷᠠᠭᠤᠯᠬᠤ ᠶᠢ ᠠᠬᠢᠭᠤᠯᠤᠨ᠂ ᠬᠠᠳᠠᠭᠠᠯᠠᠯᠲᠠ ᠶᠢ ᠪᠠᠭᠠᠰᠬᠠᠨ ᠣᠷᠣᠨ ᠵᠠᠶ ᠶᠢ ᠰᠤᠯᠠᠯᠠᠵᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠨ | ᠰᠢᠯᠢᠳᠡᠭᠵᠢᠭᠦᠯᠦᠨ ᠳᠣᠭᠢᠷᠠᠭᠤᠯᠤᠨ᠎ᠠ᠃ ᠡᠨᠡᠸ᠋ᠷᠬᠢ ᠠᠷᠪᠢᠯᠠᠨ ᠤᠷᠴᠢᠨ ᠲᠤᠭᠤᠷᠢᠨ ᠶᠢ ᠬᠠᠮᠠᠭᠠᠯᠠᠬᠤ ᠠᠵᠤ ᠦᠢᠯᠡᠰ ᠤᠨ ᠬᠦᠭᠵᠢᠯᠳᠡ ᠶᠢ ᠶᠡᠬᠡᠪᠡᠷ ᠲᠡᠮᠵᠢᠵᠦ᠂ | ᠪᠤᠬᠢᠷᠳᠤᠯ ᠦᠬᠡᠢ ᠠᠵᠤ ᠠᠬᠤᠶᠢᠯᠠᠯ᠂ ᠪᠤᠬᠢᠷᠳᠤᠯ ᠦᠬᠡᠢ ᠠᠭᠤᠷᠬᠠᠢ ᠶᠢᠨ ᠦᠢᠯᠡᠰ᠂ ᠪᠤᠬᠢᠷᠳᠤᠯ ᠦᠬᠡᠢ ᠬᠦᠷᠢᠶᠡᠯᠡᠩ ᠲᠤᠭᠤᠷᠢᠭ ᠢ ᠡᠭᠦᠳᠦᠨ ᠪᠠᠶᠢᠭᠤᠯᠬᠤ ᠶᠢ | ᠦᠷᠨᠢᠬᠦᠯᠵᠦ᠂ 2025 ᠤᠨᠢ ᠳᠤ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠪᠤᠬᠢᠷᠳᠤᠯ ᠦᠬᠡᠢ ᠬᠡᠷᠡᠴᠢᠯᠡᠯ ᠢ ᠪᠦᠬᠦᠨ ᠢ ᠬᠠᠮᠤᠷᠬᠤ ᠶᠢ | ᠪᠡᠶᠡᠯᠡᠬᠦᠯᠦᠨ᠎ᠡ᠃ ︽ᠲᠠᠪᠤᠨ ᠶᠡᠭᠡ ᠰᠠᠭᠤᠷᠢ︾ ᠶᠢᠨ ᠠᠵᠢᠯᠯᠠᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠡᠯ᠎ᠡ ᠲᠥᠷᠥᠯ ᠤᠨ ᠡᠬᠢ ᠪᠠᠶᠠᠯᠢᠭ ᠢ | ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠎ᠠ᠃ ᠬᠦᠴᠦᠲᠡᠶ ᠴᠣᠬᠢᠯᠲᠠ ᠥᠭᠴᠦ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠯᠠᠭᠠᠶᠢᠯᠠᠨ ᠮᠠᠯᠲᠠᠬᠤ᠂ ᠬᠡᠪᠴᠢᠶ᠎ᠡ ᠠᠴᠠ ᠳᠠᠪᠠᠭᠤᠯᠤᠨ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠮᠠᠯᠲᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠬᠠᠮᠤᠭ ᠤᠨ ᠴᠢᠩᠭ᠎ᠠ ᠬᠠᠤᠯᠢ | ᠬᠡᠷᠡᠭᠵᠢᠭᠦᠯᠬᠦ ᠪᠠᠷ ᠦᠵᠡᠰᠬᠦᠯᠡᠩᠲᠦ ᠰᠠᠶᠢᠬᠠᠨ ᠭᠡᠷ ᠣᠷᠣᠨ ᠢ ᠰᠠᠬᠢᠨ ᠬᠠᠮᠠᠭᠠᠯᠠᠨ᠎ᠠ᠃ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ | ᠡᠰᠡᠷᠭᠦᠴᠡᠨ᠂ ᠠᠷᠪᠢᠲᠠᠢ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ | ᠰᠠᠨᠠᠭᠠᠴᠢᠯᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠦᠭᠡᠢ ᠭᠡᠷ ᠪᠦᠯᠢ᠂ ᠪᠣᠬᠢᠷᠲᠤᠯ ᠦᠭᠡᠢ ᠰᠤᠷᠭᠠᠭᠤᠯᠢ ᠶᠢ ᠶᠡᠭᠡ ᠪᠠᠷ ᠪᠠᠶᠢᠭᠤᠯᠵᠤ᠂ | ᠬᠤᠲᠠ ᠬᠥᠳᠡᠭᠡ ᠶᠢᠨ ᠤᠰᠤ ᠨᠣᠭᠤᠭᠠᠨ ᠬᠠᠷᠢᠯᠴᠠᠨ ᠠᠭᠤᠰᠣᠯᠴᠠᠵᠤ᠂ ᠠᠭᠤᠯᠠ ᠤᠰᠤ ᠶᠢ ᠬᠠᠷᠢᠯᠴᠠᠨ ᠲᠤᠰᠬᠠᠨ᠎ᠠ᠃ | ︵ᠲᠤᠯᠤᠭ᠎ᠠ︶ ᠥᠭᠡᠷᠡᠴᠢᠯᠡᠯᠲᠡ ᠨᠡᠭᠡᠭᠡᠯᠳᠡ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠪᠠᠶᠢᠭᠤᠯᠤᠯ ᠲᠣᠭᠲᠠᠴᠠ ᠶᠢᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃ | ᠴᠢᠨᠠᠷ ᠰᠠᠶᠢᠲᠠᠢ ᠬᠥᠭᠵᠢᠯᠲᠡ ᠶᠢᠨ ᠬᠦᠴᠢᠷᠳᠡᠯ ᠪᠠ ᠲᠦᠭᠵᠢᠷᠡᠯ ᠳᠤ ᠴᠢᠭᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠦᠨᠡᠨ ᠬᠦ ᠴᠢᠩᠭᠠᠳᠬᠠᠨ᠎ᠠ ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠪᠡᠷᠬᠡ ᠰᠡᠳᠦᠪ ᠢ ᠰᠢᠢᠳᠪᠦᠷᠢᠯᠡᠬᠦ ᠣᠨ︾ ᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠬᠥᠬᠡᠭᠴᠢᠨ ᠲᠠᠯ᠎ᠠ ᠶᠢᠨ ᠰᠡᠳᠬᠢᠬᠦᠶ︾᠂ ︽ᠣᠶᠢᠯᠠᠭᠠᠬᠤ ᠰᠡᠳᠬᠢᠬᠦᠶ︾ | ᠶᠢ ᠪᠣᠶ ᠪᠣᠯᠭᠠᠵᠤ᠂ ᠬᠡᠪ ᠤᠨ ᠶᠠᠪᠤᠳᠠᠯ ᠳᠤ ᠬᠠᠷᠰᠢ ᠰᠠᠭᠠᠳ ᠭᠠᠷᠭᠠᠬᠤ ᠥᠬᠡᠶ᠂ ᠬᠦᠴᠢᠷᠳᠡᠯ ᠲᠠᠢ ᠶᠠᠪᠤᠳᠠᠯ ᠳᠤ ᠭᠠᠷ ᠳᠦᠷᠦᠵᠦ᠂ ᠠᠵᠤ ᠠᠬᠤᠶᠢᠯᠠᠯ ᠪᠠ ᠣᠯᠠᠨ | ᠲᠦᠮᠡᠨ ᠢ ᠤᠴᠢᠷ ᠶᠠᠪᠤᠳᠠᠯ ᠢ ᠰᠠᠶᠢᠲᠤᠷ ᠪᠦᠲᠦᠭᠡᠵᠦ᠂ ᠤᠴᠢᠷ ᠶᠠᠪᠤᠳᠠᠯ ᠢ ᠰᠠᠭᠠᠲᠠᠭᠠᠬᠤ ᠥᠬᠡᠶ ᠪᠣᠯᠭᠠᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠤᠪᠤᠷᠠᠯ ᠢ ᠲᠠᠰᠤᠷᠠᠯᠲᠠ ᠥᠬᠡᠶ | ᠰᠢᠯᠢᠳᠡᠭᠵᠢᠭᠦᠯᠦᠨ᠂ ᠥᠨᠳᠥᠷ ᠪᠦᠲᠦᠮᠵᠢᠲᠡᠶ ᠳᠥᠭᠦᠮ ᠳᠥᠲᠡ᠂ ᠴᠢᠨᠠᠷ ᠰᠠᠶᠢᠲᠠᠶ ᠲᠦᠭᠡᠮᠡᠯ ᠬᠠᠷᠠᠭᠠᠯᠵᠠᠯᠲᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠥᠬᠦ | ᠠᠮᠢ ᠨᠠᠰᠤᠨ ᠤ ᠦᠶᠡᠯᠡᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠭᠤᠷ ᠠᠮᠢᠰᠬᠤᠯ ᠤᠨ ᠪᠣᠯᠤᠮᠵᠢᠲᠤ ᠴᠢᠨᠠᠷ᠂ ᠤᠰᠤᠨ ᠤ ᠡᠬᠢ | ᠰᠤᠷᠪᠤᠯᠵᠢ ᠶᠢ ᠨᠤᠲᠠᠯᠠᠬᠤ ᠵᠡᠷᠭᠡ ᠦᠨᠡᠯᠡᠨ ᠵᠢᠱᠢᠬᠦ ᠴᠤᠪᠤᠷᠠᠯ ᠢ ᠰᠢᠯᠢᠳᠡᠭᠵᠢᠭᠦᠯᠬᠦ ᠪᠠ ᠣᠷᠣᠨ ᠪᠦᠰᠡ ᠶᠢᠨ ᠦᠷ᠎ᠡ ᠪᠦᠲᠦᠭᠡᠯ ᠢ ᠬᠠᠮᠲᠤᠪᠠᠷ ᠭᠥᠷᠳᠡᠬᠦ ᠶᠢ | ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ ᠳᠦᠷᠢᠮᠵᠢᠯᠲᠡ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠵᠤ᠂ ᠪᠠᠯᠭᠠᠰᠤ | ᠲᠣᠰᠬᠤᠨ ᠤ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠣᠩᠬᠤᠪᠴᠢ ᠶᠢ ᠨᠡᠭᠡᠭᠡᠨ᠂ ᠵᠠᠰᠠᠭ | ᠵᠠᠬᠢᠷᠭᠠᠨ ᠤ ᠦᠢᠯᠡᠴᠢᠯᠡᠭᠡᠨ ᠤ ︽ᠡᠴᠦᠰ ᠤᠨ ᠨᠢᠭᠡ ᠮᠧᠲᠷ︾ ᠢ ᠨᠡᠪᠲᠡᠷᠡᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠭᠦ︾᠂ ︽ᠮᠤᠵᠢ ᠠᠯᠤᠰᠯᠠᠨ | ᠨᠡᠶᠢᠳᠡᠮ ᠬᠦᠢᠴᠡᠳᠭᠡᠭᠦ︾ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠴᠠᠭ ᠢ ᠤᠷᠲᠤᠳᠬᠠᠭᠰᠠᠨ ᠦᠢᠯᠡᠴᠢᠯᠡᠭᠡ︾ ᠶᠢᠨ ᠪᠦᠷᠬᠦᠴᠡ ᠶᠢ ᠥᠷᠭᠡᠳᠬᠡᠨ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠬᠤ᠂ ᠠᠮᠢᠳᠤᠯᠢᠭ ᠢᠶᠠᠷ ᠠᠵᠢᠯ ᠤᠯᠬᠤ᠂ ᠵᠡᠮᠳᠡᠭᠴᠦᠳ ᠢ ᠲᠡᠳᠬᠦᠨ ᠬᠦᠴᠢᠷᠳᠡᠯᠲᠡᠶ ᠶᠢ | ᠲᠤᠰᠠᠯᠠᠬᠤ ᠵᠡᠷᠭᠡ ᠤᠴᠢᠷ ᠶᠠᠪᠤᠳᠠᠯ ᠢ ︽ᠨᠢᠭᠡ ᠯᠡ ᠤᠳᠠᠭ᠎ᠠ ᠳᠤ ᠬᠦᠢᠴᠡᠳᠭᠡᠭᠦ︾ ᠶᠢ ᠪᠡᠶᠡᠯᠡᠭᠦᠯᠵᠦ᠂ ᠬᠤᠲᠠ ᠶᠢᠨ ᠠᠷᠠᠳ ᠤᠨ ᠠᠵᠢᠯ ᠶᠠᠪᠤᠳᠠᠯ | ᠦ᠋ᠢᠴᠡᠳᠭᠡᠭᠦ ᠶᠢ ᠰᠦᠯᠵᠢᠶ᠎ᠡ ᠪᠠᠷ ᠬᠤᠳᠠᠯᠳᠤᠨ ᠠᠪᠬᠤ ᠰᠢᠭ᠋ ᠳᠥᠭᠦᠮ ᠳᠥᠲᠡ ᠪᠣᠯᠭᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ | ᠰᠢᠢᠳᠪᠦᠷᠢᠯᠡᠯᠲᠡ ᠳᠤ ︽ᠲᠣᠷᠭᠠᠬᠤ ᠠᠴᠠ ᠭᠡᠯᠳᠦᠷᠢᠭᠦᠯᠬᠦ᠂ ᠲᠣᠷᠭᠠᠬᠤ ᠶᠢ ᠬᠥᠩᠭᠡᠪᠴᠢᠯᠡᠬᠦ︾ ᠨᠠᠷᠢᠨ ᠲᠠᠩᠰᠠ ᠶᠢᠨ ᠲᠣᠭᠲᠠᠴᠠ ᠪᠠ ︽ᠱᠠᠭᠠᠷᠳᠠᠬᠤ ᠵᠦᠢᠯ | ᠪᠠᠶᠢᠪᠠᠯ ᠵᠠᠪᠠᠯ ᠰᠢᠢᠳᠪᠦᠷᠢᠯᠡᠬᠦ᠂ ᠤᠴᠢᠷ ᠥᠬᠡᠶ ᠪᠣᠯ ᠬᠠᠷᠰᠢᠯᠠᠬᠤ ᠥᠬᠡᠶ︾ ᠦᠢᠯᠡᠴᠢᠯᠡᠬᠡᠨ ᠤ ᠲᠣᠭᠲᠠᠴᠠ ᠶᠢ ᠪᠠᠶᠢᠭᠤᠯᠵᠤ᠂ ᠨᠠᠩ ᠣᠯᠠᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠳᠤ ︽ᠭᠤᠶᠤᠴᠢᠯᠠᠬᠤ ᠠᠴᠠ ᠭᠡᠯᠳᠦᠷᠢᠭᠦᠯᠪᠡᠯ ᠳᠠᠷᠤᠶ ᠡᠳ᠋ᠯᠡᠬᠦ︾᠂ ︽ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠬᠦ︾ ᠶᠢ | ᠠᠬᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠦᠷᠭᠡᠨ ᠬᠦᠷᠭᠡᠯᠲᠡ ᠰᠢᠭ ᠣᠨᠣᠪᠴᠢᠲᠠᠶ ᠰᠢᠭᠤᠳ ᠬᠦᠷᠭᠡᠨ᠎ᠡ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠰᠢᠭᠤᠨ ᠤ ᠬᠠᠷᠢᠶᠠᠲᠤ ᠤᠯᠤᠰ ᠤᠨ ᠦᠮᠴᠢᠯᠡᠯᠲᠣ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠬᠠᠮᠢᠶᠠᠷᠤᠯᠲᠠ ᠦᠢᠯᠡᠴᠢᠯᠡᠭᠡ᠂ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ | ᠵᠡᠷᠭᠡ ᠲᠣᠭᠲᠠᠯᠴᠠᠭ᠎ᠠ ᠶᠢ ᠪᠦᠷᠢᠡᠰᠢᠬᠦᠯᠤᠨ ᠲᠡᠭᠦᠯᠳᠡᠷᠵᠢᠭᠦᠯᠵᠦ᠂ ᠬᠠᠳᠠᠭᠠᠯᠠᠭᠳᠠᠵᠤ ᠪᠠᠶᠢᠭ᠎ᠠ ᠡᠳ᠋ ᠬᠥᠷᠥᠩᠭᠡ ᠶᠢ ᠠᠮᠢᠯᠠᠭᠤᠯᠵᠤ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠲᠤᠰ ᠪᠡᠶ᠎ᠡ ᠶᠢᠨ ᠬᠡᠮᠵᠢᠶ᠎ᠡ ᠶᠢ ᠪᠤᠵᠠᠭᠠᠶᠢᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠨ᠎ᠡ ᠡᠨᠧᠷᠭᠢ᠂ ᠲᠣᠭᠠᠴᠢᠯᠠᠭᠰᠠᠨ ᠠᠵᠤ | ᠠᠬᠤᠢ᠂ ᠰᠠᠭᠤᠷᠢ ᠲᠥᠬᠦᠭᠡᠷᠦᠮᠵᠢ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ᠂ ᠪᠣᠳᠠᠲᠤ ᠴᠣᠭᠴᠠᠵᠢᠭᠰᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ | ᠲᠣᠰᠬᠤᠨ ᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠭᠠᠵᠠᠷ ᠰᠢᠷᠣᠢ ᠶᠢᠨ | ᠨᠥᠭᠡᠴᠡᠯᠡᠯᠲᠡ ᠪᠣᠯᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠭᠠᠵᠠᠷ ᠰᠢᠷᠣᠢ ᠶᠢ ᠬᠠᠩᠰᠢᠯᠠᠵᠤ ᠬᠤᠪᠢ ᠣᠷᠣᠭᠤᠯᠬᠤ ᠬᠡᠯᠪᠡᠷᠢ ᠪᠠᠷ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠳᠤ ᠣᠷᠣᠯᠴᠠᠬᠤ ᠶᠢ ᠰᠦᠪᠡᠭᠴᠢᠯᠡᠵᠦ᠂ ᠨᠢᠭᠡ ᠪᠦᠯᠦᠭ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ᠂ ᠡᠵᠡᠯᠡᠬᠦ ᠨᠥᠬᠦᠪᠥᠷᠢᠯᠡᠬᠦ ᠶᠢ ᠲᠡᠩᠴᠡᠬᠦᠷᠢᠰᠢᠬᠦᠯᠬᠦ ᠲᠦᠷᠦᠯ ᠵᠦᠢᠯ ᠢ ᠬᠡᠷᠡᠭᠵᠢᠭᠦᠯᠵᠦ | ᠂ ᠤᠷᠳᠤ ᠬᠤᠭᠤᠴᠠᠭ᠎ᠠ ᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ᠃ ᠵᠠᠬ᠎ᠠ ᠳᠡᠯᠭᠡᠭᠦᠷ ᠤᠨ ᠲᠣᠭᠲᠠᠴᠠ ᠶᠢ ᠰᠦᠪᠡᠭᠴᠢᠯᠡᠨ ᠠᠰᠢᠭᠯᠠᠵᠤ ᠬᠤᠲᠠ ᠪᠠᠯᠭᠠᠰᠤ ᠶᠢᠨ | ᠦᠷ᠎ᠡ ᠠᠰᠢᠭ ᠢᠶᠠᠷ ᠳᠤᠤᠷ᠎ᠠ ᠭᠠᠵᠠᠷ ᠰᠢᠷᠣᠶ ᠶᠢ ᠳᠠᠬᠢᠨ ᠨᠡᠭᠡᠭᠡᠨ ᠠᠰᠢᠭᠯᠠᠬᠤ ᠶᠢ ᠠᠬᠢᠭᠤᠯᠵᠤ᠂ ᠦᠯᠡᠳᠡᠭᠡᠯ ᠭᠠᠵᠠᠷ ᠰᠢᠷᠣᠶ ᠶᠢᠨ ᠡᠬᠢ ᠪᠠᠶᠠᠯᠢᠭ ᠢ ᠨᠠᠩ | ᠰᠠᠶᠢᠨ ᠢᠶᠠᠷ ᠠᠮᠢᠳᠣᠯᠢᠭᠵᠢᠭᠤᠯᠤᠨᠠ᠃ | ︵ᠨᠠᠢᠮᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠤᠨ ᠡᠶ᠎ᠡ ᠵᠣᠬᠢᠴᠠᠯ ᠢ ᠨᠡᠮᠡᠭᠳᠡᠭᠦᠯᠵᠦ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ᠃ | ᠣᠯᠠᠨ ᠲᠦᠮᠡᠨ ᠤ ᠳᠡᠷᠭᠡᠳᠡᠬᠢ ᠪᠠᠭ᠎ᠠ ᠶᠠᠪᠤᠳᠠᠯ ᠢ ᠵᠠᠰᠠᠭ ᠤᠨ ᠣᠷᠳᠣᠨ ᠤ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠠᠷᠠᠳ ᠣᠯᠠᠨ ᠤ ᠬᠠᠯᠠᠮᠵᠢᠯᠠᠵᠤ ᠪᠠᠶᠢᠭ᠎ᠠ | ᠶᠠᠪᠤᠳᠠᠯ ᠠᠴᠠ ᠡᠬᠢᠯᠡᠨ ᠬᠢᠵᠦ᠂ ᠠᠷᠠᠳ ᠲᠦᠮᠡᠨ ᠳᠤ ᠬᠠᠨᠤᠮᠵᠢᠲᠠᠢ ᠶᠠᠪᠤᠳᠠᠯ ᠠᠴᠠ ᠡᠬᠢᠯᠡᠨ ᠠᠳᠬᠤᠵᠤ᠂ ᠪᠦᠬᠦ ᠬᠤᠰᠢᠭᠤᠨ ᠤ ᠠᠷᠠᠳ ᠲᠦᠮᠡᠨ ᠢ ᠨᠠᠩ ᠰᠠᠶᠢᠨ | ᠠᠮᠢᠳᠤᠷᠠᠭᠤᠯᠬᠤ ᠪᠠᠷ ᠴᠢᠷᠮᠠᠶᠢᠨ᠎ᠠ᠃ | ᠨᠡᠶᠢᠭᠡᠮ ᠤᠨ ᠪᠠᠲᠤᠯᠠᠭ᠎ᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠨᠠᠶᠢᠳᠠᠪᠣᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠪᠠ | ᠶᠠᠳᠠᠭᠤ ᠠᠴᠠ ᠠᠩᠭᠢᠵᠢᠷᠠᠭᠰᠠᠨ ᠡᠷᠦᠬᠡ᠂ ︽ᠠᠵᠢᠯ ᠲᠠᠢ ᠬᠥᠮᠦᠨ ᠦᠭᠡᠢ︾ ᠭᠡᠷ ᠪᠦᠯᠢ ᠵᠡᠷᠭᠡ ᠣᠨᠴᠠᠭᠠᠢ ᠬᠥᠮᠦᠰ ᠤᠨ ᠠᠵᠢᠯ ᠣᠯᠭᠤᠯᠲᠠ ᠦᠢᠯᠡᠰ | ᠪᠣᠰᠬᠠᠯᠲᠠ ᠶᠢᠨ ᠦᠢᠯᠡᠴᠢᠯᠡᠭᠡᠨ ᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠤᠲᠠ ᠪᠠᠯᠭᠠᠰᠤᠨ ᠤ 1200 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ | ᠣᠯᠭᠤᠵᠤ᠂ ᠨᠠᠩ ᠣᠯᠠᠨ ᠬᠥᠳᠡᠯᠮᠦᠷᠢᠴᠢᠳ ᠢ ᠦᠢᠯᠡᠰ ᠪᠦᠲᠦᠭᠡᠵᠦ ᠴᠢᠳᠠᠬᠤ᠂ ᠬᠦᠰᠡᠯ ᠵᠡᠭᠦᠳᠦ ᠲᠠᠢ ᠪᠣᠯᠭᠠᠨ᠎ᠠ᠃ ᠥᠷᠭᠡᠨ ᠢᠶᠠᠷ ᠬᠠᠮᠤᠷᠬᠤ᠂ ᠨᠡᠮᠡᠭᠳᠡᠯ ᠢ | ᠪᠠᠲᠤᠯᠠᠬᠤ ᠪᠠᠷ ᠬᠠᠷᠠᠯᠲᠠ ᠪᠣᠯᠭᠠᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠢ ᠪᠥᠬᠦ ᠤᠯᠤᠰ ᠲᠤ ᠨᠢᠭᠡᠳᠦᠯᠲᠡᠶ ᠲᠥᠯᠥᠪᠯᠡᠬᠦ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95 % ᠠᠴᠠ ᠳᠡᠭᠡᠭᠰᠢ ᠳᠤ ᠬᠦᠷᠦᠭᠦᠯᠵᠦ᠂ | ᠬᠦᠴᠢᠷᠳᠡᠯᠲᠡᠶ ᠬᠥᠮᠦᠰ ᠢ 100 % ᠪᠠᠷ ᠳᠠᠭᠠᠳᠬᠠᠯ ᠳᠤ ᠣᠷᠣᠯᠴᠠᠭᠤᠯᠬᠤ ᠶᠢ ᠦᠨᠡᠨᠬᠦ ᠪᠠᠲᠤᠯᠠᠨ᠎ᠠ᠃ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ | ᠭᠤᠣᠯᠳᠠᠯᠭ᠎ᠠ ᠶᠢ ︽ᠥᠷᠢᠲᠦᠬᠦ ᠶᠢ ᠵᠠᠰᠠᠬᠤ︾ ᠠᠴᠠ ︽ᠥᠷᠢᠲᠦᠬᠦ ᠶᠢ ᠰᠡᠷᠭᠡᠶᠢᠯᠡᠬᠦ︾ ᠳᠤ ᠰᠢᠯᠵᠢᠭᠦᠯᠵᠦ᠂ ᠬᠥᠳᠡᠯᠮᠦᠷᠢᠴᠢᠳ ᠲᠤ ︽ᠴᠠᠯᠢᠩ︾ ᠠᠪᠴᠤ ᠥᠭᠴᠦ | ᠰᠠᠨᠠᠭ᠎ᠠ ᠠᠮᠤᠷ᠂ ᠠᠵᠢᠯ ᠳᠠᠭᠠᠨ ᠰᠠᠨᠠᠭ᠎ᠠ ᠠᠮᠤᠷ ᠪᠠᠶᠢᠯᠭᠠᠨ᠎ᠠ᠃ ᠨᠠᠰᠤᠲᠠᠶᠢᠴᠤᠳ᠂ ᠨᠠᠰᠤᠨ ᠳᠤ ᠥᠯᠥ ᠭᠦᠷᠦᠭᠰᠡᠳ᠂ ᠵᠡᠮᠳᠡᠭᠴᠦᠳ ᠤᠨ ᠪᠠᠲᠤᠯᠠᠭ᠎ᠠ ᠶᠢᠨ | ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ᠂ | ᠥᠨᠥᠴᠢᠨ ᠬᠡᠦᠬᠡᠳ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠨᠠᠩ ᠬᠠᠯᠠᠭᠤᠨ ᠳᠤᠯᠠᠭᠠᠨ ᠪᠣᠯᠭᠠᠨ᠎ᠠ᠃ | ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ ᠶᠢ ᠲᠦᠷᠭᠡᠳᠬᠡᠨ᠎ᠡ᠃ ᠰᠤᠷᠭᠠᠨ ᠬᠥᠮᠦᠵᠢᠯ ᠤᠨ ᠰᠠᠭᠤᠷᠢ ᠪᠡᠯᠡᠳᠬᠡᠮᠵᠢ ᠶᠢ | ᠲᠡᠭᠦᠯᠳᠡᠷᠵᠢᠭᠦᠯᠵᠦ᠂ ᠮᠤᠨᠠ ᠠᠭᠤᠯᠠ ᠶᠢᠨ ᠲᠤᠷᠰᠢᠯᠲᠠ ᠶᠢᠨ ᠰᠤᠷᠭᠠᠭᠤᠯᠢ᠂ ᠨᠢᠭᠡᠳᠦᠭᠡᠷ ᠬᠡᠦᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠵᠢᠴᠢ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠬᠤᠭᠤᠯᠠᠨ ᠭᠡᠷ᠂ ᠪᠡᠶ᠎ᠡ ᠶᠢᠨ ᠲᠠᠮᠢᠷ ᠤᠨ ᠲᠠᠯᠠᠪᠠᠢ ᠶᠢ ᠰᠢᠨ᠎ᠡ ᠪᠠᠷ ᠥᠭᠡᠷᠡᠴᠢᠯᠡᠨ ᠪᠠᠶᠢᠭᠤᠯᠬᠤ ᠵᠡᠷᠭᠡ ᠲᠥᠷᠥᠯ | ᠵᠦᠢᠯ ᠤᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠦᠨᠡᠨᠬᠦ ᠰᠠᠶᠢᠵᠢᠷᠠᠭᠤᠯᠤᠨ᠎ᠠ | ᠃ ᠠᠯᠪᠠᠨ ᠠᠴᠠ ᠡᠷᠭᠢᠯᠡᠭᠰᠡᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ | ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠶᠢ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠡᠦᠬᠡᠳ ᠤᠳ ᠲᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠭᠦᠯᠬᠦ ᠪᠠᠷ | ᠴᠢᠷᠮᠠᠶᠢᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ | ᠥᠨᠳᠥᠷ ᠬᠡᠪ ᠴᠢᠨᠠᠷ ᠪᠦᠬᠦᠢ ᠤᠷ᠎ᠠ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ ᠨᠡᠩ ᠤᠯᠠᠨ ᠬᠥᠮᠦᠵᠢᠭᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ | ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠢ ᠴᠢᠩᠭᠠᠷᠠᠭᠤᠯᠵᠤ᠂ ︽ᠨᠠᠷᠠᠲᠤ ᠰᠤᠷᠭᠠᠭᠤᠯᠢ ᠶᠢᠨ ᠵᠠᠬᠢᠷᠤᠯ︾᠂ ︽ᠨᠠᠷᠠᠲᠤ ᠪᠠᠭᠰᠢ︾ ᠬᠥᠮᠦᠵᠢᠭᠦᠯᠬᠦ | ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ 20 ᠨᠡᠷᠡᠰ ᠠᠴᠠ ᠳᠡᠭᠡᠭᠰᠢ ᠰᠢᠯᠢᠳᠡᠭ ᠪᠠᠭᠰᠢ ᠶᠢ ᠢᠯᠡ ᠪᠠᠷ ᠤᠷᠢᠨ ᠬᠡᠷᠡᠭᠯᠡᠵᠦ᠂ ᠥᠷᠭᠡᠨ ᠣᠯᠠᠨ ᠲᠦᠮᠡᠨ ᠢ ᠳᠠᠭᠢᠵᠤ | ᠰᠤᠷᠤᠯᠴᠠᠬᠤ ᠶᠢᠨ ᠲᠥᠯᠥᠭᠡ ᠭᠦᠶᠦᠬᠦ ᠥᠬᠡᠶ ᠪᠣᠯᠭᠠᠨ᠎ᠠ᠃ | ᠡᠷᠡᠭᠦᠯ ᠮᠡᠨᠳᠦ ᠡᠮᠦᠨᠡᠲᠦ ᠬᠤᠰᠢᠭᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢ ᠬᠦᠴᠦᠯᠡᠨ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠨ | ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠴᠢᠮ | ᠲᠦᠭᠰᠢᠭᠦᠷᠢᠲᠡᠢ ᠬᠦᠨᠳᠦ ᠡᠪᠡᠳᠴᠢᠨ ᠢ ᠠᠪᠤᠷᠠᠨ ᠵᠠᠰᠠᠬᠤ ᠲᠤᠬᠠᠶᠢᠯᠠᠭᠰᠠᠨ ᠠᠵᠢᠯ ᠤᠨ ᠲᠥᠪ᠂ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠲᠥᠪᠯᠡᠷᠡᠭᠦᠯᠦᠨ | ᠬᠤᠷᠢᠶᠠᠨ ᠬᠠᠳᠠᠭᠠᠯᠠᠵᠤ ᠳᠠᠮᠵᠢᠭᠤᠯᠤᠨ ᠲᠡᠭᠡᠭᠡᠪᠦᠷᠢᠯᠡᠬᠦ ᠲᠥᠪ᠂ ᠶᠡᠭᠡ ᠰᠢᠭᠡᠲᠡᠢ ᠪᠣᠯᠤᠨ ᠪᠠᠶᠠᠨᠬᠤᠸᠠ ᠶᠢᠨ ᠲᠥᠪ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠲᠥᠷᠥᠯ | ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠬᠤᠰᠢᠭᠤᠨ ᠴᠠᠷᠠᠭ᠎ᠠ ᠳᠤ ᠨᠢᠭᠲᠠ ᠬᠡᠯᠪᠡᠷᠢ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠲᠠᠰ ᠬᠤᠪᠢᠶᠠᠨ ᠣᠨᠣᠰᠢᠯᠠᠨ ᠡᠮᠨᠡᠬᠦ ᠲᠤᠭᠳᠠᠯᠴᠠᠭ᠎ᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠳᠤ ᠨᠠᠩ ᠢᠯᠡᠭᠦᠦ ︽ᠡᠮᠨᠡᠬᠦ︾ ᠲᠦᠰᠢᠭ ᠲᠠᠢ ᠪᠣᠯᠭᠠᠨ᠎ᠠ᠃ ᠬᠢᠲᠠᠳ ᠮᠣᠩᠭᠤᠯ ᠡᠮ ᠡᠮᠨᠡᠯᠭᠡ ᠶᠢᠨ | ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠤᠯᠤᠰ ᠤᠨ ᠲᠠᠰ ᠤᠨ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠪᠠᠷ ᠡᠭᠦᠳᠦᠨ | ᠪᠠᠶᠢᠭᠤᠯᠤᠨ᠎ᠠ᠃ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ | ᠠᠰᠠᠷᠠᠬᠤ ᠪᠠ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠵᠣᠷᠢᠭᠵᠢᠭᠤᠯᠤᠨ | ᠬᠥᠭᠵᠢᠭᠦᠯᠵᠦ᠂ ᠨᠠᠰᠤᠲᠠᠶᠢᠴᠤᠳ ᠢ ᠥᠲᠡᠯᠦᠭᠡ ᠨᠠᠰᠤᠨ ᠳᠠᠭᠠᠨ ᠠᠰᠠᠷᠠᠬᠤ ᠬᠦᠮᠦᠨ ᠲᠠᠢ᠂ ᠥᠲᠡᠯᠦᠭᠡ ᠨᠠᠰᠤᠨ ᠳᠠᠭᠠᠨ ᠪᠠᠶᠠᠷ ᠴᠡᠩᠭᠡᠯ ᠲᠠᠢ ᠪᠠᠶᠢᠯᠭᠠᠨ᠎ᠠ᠃ | ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠤᠰ ᠤᠨ ᠲᠠᠰ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠶ᠎ᠡ ᠶᠢᠨ ᠲᠠᠮᠢᠷ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠭᠡᠷ | ᠳᠣᠲᠣᠷᠠᠬᠢ ᠲᠠᠯᠠᠪᠠᠶ ᠣᠷᠳᠣᠨ ᠢ ᠴᠢᠯᠦᠭᠡᠲᠡᠢ ᠨᠡᠭᠡᠭᠡᠵᠦ᠂ ᠨᠡᠶᠢᠭᠡᠮ ᠤᠨ ᠬᠠᠨᠳᠤᠭᠤᠯᠤᠭᠰᠠᠨ ᠬᠥᠯ ᠪᠥᠮᠪᠦᠭᠡ ᠶᠢᠨ ᠲᠠᠯᠠᠪᠤᠷ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠠᠳᠠᠯᠢ ᠪᠤᠰᠤ ᠬᠦᠮᠦᠰ ᠤᠨ ᠲᠠᠮᠢᠷ ᠤᠨ ᠬᠦᠳᠡᠯᠬᠡᠬᠡᠨ ᠤ ᠱᠠᠭᠠᠷᠳᠠᠯᠭ᠎ᠠ ᠶᠢ ᠬᠠᠩᠭᠠᠨ᠎ᠠ᠃ ᠪᠡᠶ᠎ᠡ ᠶᠢᠨ ᠲᠠᠮᠢᠷ ᠤᠨ ᠴᠡᠴᠡᠷᠯᠢᠭ᠂ ᠬᠠᠲᠤᠨ ᠭᠤᠣᠯ ᠤᠨ | ᠤᠯᠤᠰ ᠤᠨ ᠰᠣᠶᠣᠯ ᠤᠨ ᠭᠤᠣᠯ ᠰᠡᠳᠦᠪᠲᠦ ᠴᠡᠴᠡᠷᠯᠢᠭ ᠪᠠ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠭᠤᠣᠯ ᠰᠡᠳᠦᠪᠲᠦ ᠴᠡᠴᠡᠷᠯᠢᠭ ᠢ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠠᠮᠢ ᠠᠬᠤᠢ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠭᠰᠠᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠨ᠎ᠠ᠃ ︽ ᠪᠠᠭ᠋ᠠᠷᠤᠯᠳᠤ ᠤᠷᠠᠳ︾ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ᠂ | ᠤᠯᠠᠭᠠᠨᠰᠤᠬᠠᠢ ᠶᠢ ᠲᠣᠭᠤᠷᠢᠬᠤ ᠪᠥᠬᠦ ᠤᠯᠤᠰ ᠤᠨ ᠳᠤᠭᠤᠢ ᠲᠡᠷᠭᠡᠨ ᠤ ᠤᠷᠢᠯᠭ᠎ᠠ ᠶᠢᠨ ᠤᠷᠤᠯᠳᠤᠭᠠᠨ᠂ ᠬᠠᠲᠤᠨ ᠭᠤᠣᠯ ᠤᠨ ᠰᠠᠪᠠ ᠭᠠᠵᠠᠷ ᠤᠨ ᠶᠢᠰᠦᠨ ᠮᠤᠵᠢ | ᠬᠤᠲᠠ ᠶᠢᠨ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠣᠯᠠᠨ ᠤᠯᠤᠰ ᠤᠨ ᠨᠢᠳᠤᠷᠭᠠᠨ ᠲᠡᠮᠡᠴᠡᠭᠡᠨ ᠤ ᠠᠪᠤᠷᠭᠤ ᠪᠤᠯᠢᠶᠠᠯᠳᠤᠬᠤ ᠤᠷᠤᠯᠳᠤᠭᠠᠨ ᠵᠡᠷᠭᠡ | ᠴᠢᠬᠤᠯᠠ ᠶᠡᠭᠡ ᠤᠷᠤᠯᠳᠤᠭᠠᠨ ᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠣᠶᠣᠯ ᠲᠠᠮᠢᠷ ᠤᠨ ᠠᠵᠢᠯᠯᠠᠭᠠᠨ ᠤ ᠠᠯᠲᠠᠨ ᠦᠰᠦᠭᠲᠦ ᠫᠠᠶᠢᠰᠠ ᠶᠢ ᠠᠯᠳᠠᠷᠰᠢᠭᠤᠯᠤᠨ᠎ᠠ᠃ | ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠳᠡᠮᠵᠢᠵᠦ᠂ ᠤᠯᠠᠨ ᠲᠦᠮᠡᠨ ᠲᠠᠢ ᠣᠶᠢᠷᠠᠲᠤᠭᠰᠠᠨ᠂ ᠤᠯᠠᠨ ᠲᠦᠮᠡᠨ ᠤ ᠳᠤᠮᠳᠠ ᠤᠯᠠᠮᠵᠢᠯᠠᠭᠳᠠᠵᠤ᠂ | ᠤᠯᠠᠨ ᠲᠦᠮᠡᠨ ᠤ ᠳᠤᠮᠳᠠ ᠦᠯᠡᠳᠡᠵᠦ ᠳᠡᠶᠢᠯᠬᠦ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ ᠲᠡᠦᠬᠡ ᠶᠢᠨ ᠳᠤᠷᠠᠰᠬᠠᠯᠲᠤ | ᠵᠦᠢᠯᠡᠰ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯ ᠤᠨ ᠣᠷᠳᠣᠨ᠂ | ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠠᠭᠤᠳᠠᠮ ᠲᠠᠯᠠᠪᠠᠢ ᠶᠢ ᠡᠬᠢᠯᠡᠨ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠳᠤᠯᠢᠭ ᠪᠣᠯᠭᠠᠵᠤ | ︾ ᠰᠣᠶᠣᠯ ᠢ ᠤᠯᠠᠮᠵᠢᠯᠠᠨ᠎ᠠ᠃ ᠬᠤᠲᠠ ᠬᠥᠳᠡᠭᠡ ᠶᠢᠨ ᠬᠦᠪᠡᠭᠡ ᠵᠠᠬ᠎ᠠ ᠶᠢ ᠵᠦᠢ ᠵᠣᠬᠢᠰᠲᠠᠢ ᠠᠰᠢᠭᠯᠠᠨ᠂ ᠬᠤᠲᠠ ᠶᠢᠨ ︽10 ᠮᠢᠨᠦ᠋ᠲ ᠤᠨ ᠪᠡᠶ᠎ᠡ | ᠴᠢᠭᠢᠷᠠᠭᠵᠢᠭᠤᠯᠬᠤ ᠲᠣᠭᠤᠷᠢᠭ︾ ᠪᠠ ᠰᠤᠮᠤ ᠪᠠᠯᠭᠠᠰᠤ ᠶᠢᠨ ᠪᠦᠬᠦ ᠠᠷᠠᠳ ᠪᠠᠷ ᠢᠶᠠᠨ ᠪᠡᠶ᠎ᠡ ᠴᠢᠬᠢᠷᠠᠭᠵᠢᠭᠤᠯᠬᠤ ᠲᠥᠪ ᠢ ᠪᠠᠶᠢᠭᠤᠯᠵᠤ᠂ ᠣᠯᠠᠨ ᠲᠦᠮᠡᠨ ᠤ | ᠭᠡᠷ ᠤᠨ ᠡᠭᠦᠳᠡᠨ ᠳᠠᠬᠢ ︽ᠪᠡᠶ᠎ᠡ ᠴᠢᠭᠢᠷᠠᠭᠵᠢᠭᠤᠯᠬᠤ ᠭᠡᠷ︾ ᠢ ᠪᠠᠶᠢᠭᠤᠯᠤᠨ᠎ᠠ᠃ | ︵ᠶᠢᠰᠦ︶ ᠵᠠᠰᠠᠯᠲᠠ ᠶᠢ ᠴᠢᠩᠭᠠᠷᠠᠭᠤᠯᠤᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠡᠶ᠎ᠡ ᠵᠣᠬᠢᠴᠠᠯ ᠲᠠᠢ ᠲᠣᠭᠲᠠᠭᠤᠨ ᠰᠢᠨ᠎ᠡ ᠣᠷᠴᠢᠨ ᠲᠣᠭᠤᠷᠢᠨ ᠢ ᠪᠣᠶ | ᠪᠣᠯᠭᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠶᠠᠷᠢᠶ᠎ᠠ ᠬᠡᠯᠡᠯᠴᠡᠭᠡᠨ ᠤ | ᠬᠥᠲᠥᠯᠥᠨ ᠵᠢᠯᠤᠭᠤᠳᠬᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠣᠯᠠᠨ ᠲᠦᠮᠡᠨ ᠤ ᠠᠰᠢᠭ ᠲᠤᠰᠠ ᠳᠤ ᠪᠠᠭ᠎ᠠ | ᠶᠠᠪᠤᠳᠠᠯ ᠭᠡᠵᠦ ᠦᠭᠡᠢ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ᠂ ᠠᠷᠠᠳ ᠲᠤ ᠲᠥᠬᠦᠮ ᠦᠵᠡᠭᠦᠯᠬᠦ | 12345 ᠬᠠᠯᠠᠭᠤᠨ ᠤᠲᠠᠰᠤᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠢ | ᠰᠡᠳᠬᠢᠯ ᠲᠠᠯᠪᠢᠨ ᠬᠦᠴᠦᠯᠡᠨ ᠰᠢᠢᠳᠪᠦᠷᠢᠯᠡᠵᠦ᠂ ᠠᠷᠠᠳ ᠤᠨ ᠲᠠᠭᠤᠨ ᠠᠷᠠᠳ ᠤᠨ ᠰᠠᠨᠠᠭ᠎ᠠ ᠶᠢ ᠥᠷᠭᠡᠨ ᠢᠶᠠᠷ ᠨᠢᠭᠲᠠᠷᠠᠭᠤᠯᠤᠨ᠂ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠬᠢᠷᠢ ᠲᠦᠪᠰᠢᠨ ᠤ ᠳᠡᠭᠡᠭᠰᠢᠯᠡᠯᠲᠡ ᠳᠤ ᠬᠦᠴᠦᠨ ᠨᠡᠮᠡᠷᠢᠯᠡᠪᠡ᠃ ᠦᠨᠳᠦᠰᠦᠨ ᠱᠠᠲᠤᠨ ᠤ ᠲᠤᠤᠷᠴᠢᠯᠠᠭᠰᠠᠨ ᠵᠠᠰᠠᠯᠲᠠ ᠶᠢᠨ | ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ᠂ ᠶᠡᠷᠦᠩᠬᠡᠶᠢᠯᠡᠨ ᠵᠠᠰᠠᠬᠤ᠂ ᠠᠷᠠᠳ ᠤᠨ ᠶᠠᠪᠤᠳᠠᠯ ᠵᠡᠷᠭᠡ ︽ᠤᠯᠠᠨ ᠲᠣᠣᠷᠵᠢᠯ ᠢ ᠨᠢᠭᠡᠳᠬᠡᠬᠦ︾ | ᠶᠢ ᠲᠦᠯᠬᠢᠨ ᠠᠬᠢᠭᠤᠯᠵᠤ᠂ ︽ᠵᠢᠵᠢᠭ ᠲᠣᠣᠷᠵᠢᠯ︾ ᠢᠶᠠᠷ ᠦᠨᠳᠦᠰᠦᠨ ᠱᠠᠲᠤᠨ ᠤ ᠵᠠᠰᠠᠯᠲᠠ ᠶᠢᠨ ︽ᠶᠡᠭᠡ ᠪᠠᠶᠢᠷᠢᠰᠢᠯ︾ ᠢ ᠪᠠᠲᠤ ᠴᠣᠭᠴᠠᠯᠠᠨ᠎ᠠ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠲᠣᠭᠲᠠᠭᠤᠨ ᠳᠤ ᠬᠤᠯᠪᠣᠭᠳᠠᠬᠤ᠂ ᠰᠦᠷᠳᠡᠭᠦᠯᠦᠯ ᠳᠤ ᠬᠤᠯᠪᠣᠭᠳᠠᠬᠤ᠂ | ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠲᠤᠰ ᠭᠠᠵᠠᠷ ᠤᠨ ᠠᠮᠤᠷ | ᠲᠣᠭᠲᠠᠭᠤᠨ ᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠤᠭ ᠤᠨ ᠶᠡᠭᠡ ᠰᠢᠢᠳᠪᠦᠷᠢ ᠵᠣᠷᠢᠭ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠬᠠᠲᠠᠭᠤ ᠠᠷᠭ᠎ᠠ ᠬᠡᠮᠵᠢᠶ᠎ᠡ ᠪᠠᠷ | ᠠᠶᠤᠯ ᠦᠭᠡᠢ ᠦᠢᠯᠡᠳᠪᠦᠷᠢᠯᠡᠯ ᠢ ᠰᠠᠶᠢᠲᠤᠷ ᠠᠳᠬᠤᠨ᠎ᠠ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠢ ᠰᠠᠶᠢᠲᠤᠷ | ᠠᠳᠬᠤᠵᠤ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠎ᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ | ᠶᠡᠭᠡ ᠵᠠᠮ ᠬᠠᠷᠢᠯᠴᠠᠭᠠᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ | ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠨᠠᠢᠮᠠᠳᠤᠭᠠᠷ ᠲᠠᠪᠤᠨ | ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠶᠢ | ᠣᠷᠭᠠᠨᠢᠭ ᠢᠶᠠᠷ ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠲᠤᠭ᠎ᠠ ᠪᠦᠷᠢᠳᠬᠡᠯ ᠤᠨ ᠰᠠᠭᠤᠷᠢ ᠪᠠᠶᠢᠭᠤᠯᠤᠯᠲᠠ ᠶᠢ ᠴᠢᠩᠭᠠᠳᠬᠠᠵᠤ᠂ ᠲᠠᠪᠤᠳᠤᠭᠠᠷ ᠤᠳᠠᠭᠠᠨ ᠤ | ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠠᠷᠠᠳ ᠤᠨ ᠠᠭᠠᠷ ᠤᠨ ᠰᠡᠷᠭᠡᠶᠢᠯᠡᠯᠲᠡ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠨ᠎ᠠ᠃ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠤᠨ᠎ᠠ᠃ ᠴᠠᠭ ᠠᠭᠤᠷ᠂ ᠭᠠᠵᠠᠷ ᠬᠥᠳᠡᠯᠦᠯᠲᠡ᠂ ᠰᠣᠶᠣᠯ ᠲᠡᠦᠬᠡ᠂ | ᠨᠡᠶᠢᠭᠡᠮ ᠤᠨ ᠰᠢᠨᠵᠢᠯᠡᠬᠦ ᠤᠬᠠᠭᠠᠨ᠂ ᠨᠢᠭᠦᠯᠡᠰᠦᠩᠭᠦᠢ ᠶᠢᠨ ᠦᠢᠯᠡᠰ ᠵᠡᠷᠭᠡ ᠠᠵᠢᠯ ᠢ ᠰᠠᠶᠢᠲᠤᠷ ᠬᠢᠨ᠎ᠡ᠃ | ᠲᠥᠯᠥᠭᠡᠯᠡᠭᠴᠢᠳ ᠠ᠋ ︕ ᠡᠭᠦᠷᠭᠡ ᠬᠦᠨᠳᠦ ᠪᠣᠯᠪᠠᠴᠤ ᠬᠠᠷᠢᠭᠤᠴᠠᠯᠭ᠎ᠠ ᠡᠭᠦᠷᠭᠡᠯᠡᠬᠦ ᠯᠡ ᠬᠡᠷᠡᠭᠲᠡᠢ᠃ ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ | ᠲᠣᠰᠢᠶᠠᠯ ᠨᠢ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠳᠤ ᠰᠢᠨ᠎ᠡ ᠱᠠᠭᠠᠷᠳᠠᠯᠭ᠎ᠠ ᠳᠤᠷᠠᠳᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠴᠠᠭ ᠦᠶ᠎ᠡ ᠠᠴᠠ ᠣᠯᠭᠤᠭᠰᠠᠨ ᠲᠡᠦᠬᠡᠲᠦ ᠡᠭᠦᠷᠭᠡ ᠶᠢ ᠨᠠᠨᠳᠢᠩᠨᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠬᠦᠴᠦᠯᠡᠨ ᠭᠦᠢᠴᠡᠳᠬᠡᠨ᠎ᠡ᠄ | ᠦᠨᠡᠨᠴᠢ ᠰᠢᠳᠤᠷᠭᠤ ᠪᠠᠷ ᠤᠭ ᠰᠠᠨᠠᠭ᠎ᠠ ᠪᠠᠨ ᠪᠢᠴᠢᠭᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠤᠯᠤᠰ ᠲᠥᠷᠥ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠥᠷᠥ ᠶᠢᠨ ᠵᠣᠭᠰᠣᠯᠲᠠ ᠪᠠᠨ ᠪᠠᠲᠤ ᠰᠠᠬᠢᠵᠤ᠂ ᠨᠠᠮ ᠳᠠᠭᠠᠨ ᠦᠨᠡᠨᠴᠢ | ᠰᠢᠳᠤᠷᠭᠤ ᠪᠠᠶᠢᠬᠤ ᠶᠢ ᠦᠭᠡ ᠶᠠᠷᠢᠶ᠎ᠠ ᠦᠢᠯᠡ ᠠᠵᠢᠯᠯᠠᠭ᠎ᠠ ᠳᠠᠭᠠᠨ ᠢᠯᠡᠷᠡᠭᠦᠯᠵᠦ᠂ ᠤᠳᠠᠭ᠎ᠠ ᠪᠦᠷᠢ ᠶᠢᠨ ᠰᠣᠩᠭᠤᠯᠲᠠ᠂ ᠬᠤᠪᠢ ᠪᠦᠷᠢ ᠶᠢᠨ ᠪᠠᠷᠢᠮᠲᠠᠯᠠᠯ ᠳᠤ | ᠨᠠᠶᠢᠳᠠᠪᠤᠷᠢᠵᠢᠭᠤᠯᠵᠤ᠂ ᠠᠷᠠᠳ ᠢ ᠵᠦᠳᠡᠭᠡᠵᠦ ᠡᠳ᠋ ᠢ ᠰᠦᠢᠳᠬᠡᠬᠦ ︽ᠨᠢᠭᠤᠷ ᠲᠠᠯ᠎ᠠ ᠶᠢᠨ ᠢᠨᠵᠧᠨᠧᠷᠢᠩ︾᠂ ᠥᠩᠭᠡᠪᠴᠢ ᠠᠵᠢᠯ︾ ᠢ ᠶᠠᠭᠠᠬᠢᠭᠰᠠᠨ ᠴᠤ ᠬᠢᠬᠦ | ᠦᠭᠡᠢ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠠᠨ ᠤ ᠬᠤᠰᠢᠭᠤᠨ ᠳᠤ ᠦᠨᠳᠦᠰᠦᠯᠡᠭᠦᠯᠦᠨ᠂ ᠴᠡᠴᠡᠭᠯᠡᠨ ᠬᠦᠭᠵᠢᠭᠦᠯᠬᠦ ᠶᠢ ᠲᠡᠷᠡ ᠬᠡᠪ ᠢᠶᠠᠷ ᠨᠢ ᠲᠦᠯᠬᠢᠨ ᠠᠬᠢᠭᠤᠯᠬᠤ | ᠬᠡᠷᠡᠭᠲᠡᠢ᠃ | ᠬᠠᠤᠯᠢ ᠪᠠᠷ ᠵᠠᠰᠠᠬᠤ ᠪᠠᠷ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ | ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠰᠢᠢᠳᠪᠦᠷᠢᠲᠦ | ᠪᠣᠳᠣᠯᠭ᠎ᠠ ᠶᠢᠨ ᠶᠠᠰᠤ ᠴᠢᠨᠠᠷ ᠢ ᠬᠠᠮᠤᠭ ᠤᠨ ᠰᠢᠯᠢᠳᠡᠭᠵᠢᠭᠦᠯᠬᠦ ᠶᠢ ᠪᠡᠶᠡᠯᠡᠭᠦᠯᠵᠦ᠂ ᠠᠰᠠᠭᠤᠳᠠᠯ ᠢ ᠡᠷᠢᠵᠦ ᠣᠯᠬᠤ ᠳᠤ ︽ᠬᠠᠮᠤᠭ ᠤᠨ ᠰᠠᠶᠢᠨ ᠢᠶᠠᠷ ᠰᠢᠢᠳᠪᠦᠷᠢᠯᠡᠬᠦ︾ | ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠤ ᠴᠢᠩᠭ᠎ᠠ ᠲᠦᠰᠢᠭᠯᠡᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠠᠵᠢᠯ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠨᠠᠩ ᠰᠠᠶᠢᠲᠤᠷ ᠳᠡᠮᠵᠢᠵᠦ᠂ ᠪᠥᠬᠦ ᠬᠤᠰᠢᠭᠤᠨ ᠤ | ᠠᠵᠤ ᠠᠬᠤᠢ ᠨᠡᠶᠢᠭᠡᠮ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠵᠠᠰᠠᠭ ᠤᠨ ᠣᠷᠳᠣᠨ ᠲᠦᠷᠦᠭᠦᠯᠡᠨ ᠦᠨᠡᠨᠴᠢ ᠢᠲᠡᠭᠡᠮᠵᠢ ᠲᠠᠢ | ᠪᠠᠶᠢᠬᠤ ᠶᠢ ᠡᠷᠬᠢᠮᠯᠡᠵᠦ᠂ ᠬᠠᠤᠯᠢ ᠲᠣᠭᠲᠠᠭᠠᠯ ᠶᠣᠰᠣᠭᠠᠷ ᠠᠮᠠᠯᠠᠯᠲᠠ ᠪᠠᠨ ᠪᠡᠶᠡᠯᠡᠭᠦᠯᠵᠦ᠂ ᠢᠲᠡᠭᠡᠮᠵᠢ ᠶᠢ ᠬᠦᠨᠳᠦᠳᠬᠡᠨ ᠠᠮᠠᠯᠠᠯᠲᠠ ᠪᠠᠨ ᠪᠡᠶᠡᠯᠡᠭᠦᠯᠬᠦ᠂ ᠨᠡᠶᠢᠭᠡᠮ ᠤᠨ | ᠣᠷᠴᠢᠨ ᠨᠥᠬᠦᠴᠡᠯ ᠢ ᠪᠦᠬᠦ ᠲᠠᠯ᠎ᠠ ᠪᠠᠷ ᠪᠤᠢ ᠪᠣᠯᠭᠠᠵᠤ᠂ ︽ᠤᠴᠢᠷ ᠶᠠᠪᠤᠳᠠᠯ ᠰᠢᠢᠳᠪᠦᠷᠢᠯᠡᠬᠦ ᠳᠤ ᠬᠠᠤᠯᠢ ᠪᠠᠷ ᠵᠠᠰᠠᠬᠤ ᠳᠤ ᠲᠦᠰᠢᠭᠯᠡᠵᠦ᠂ ᠬᠠᠷᠢᠴᠠᠭ᠎ᠠ ᠡᠷᠢᠬᠦ | ᠬᠡᠷᠡᠭ ᠦᠭᠡᠢ︾ ᠪᠠᠶᠢᠬᠤ ᠶᠢ ᠨᠡᠶᠢᠭᠡᠮ ᠤᠨ ᠬᠠᠮᠲᠤ ᠶᠢᠨ ᠲᠠᠨᠢᠯᠲᠠ ᠪᠣᠯᠭᠠᠨ᠎ᠠ᠃ | ᠦᠨᠡᠨ ᠪᠣᠳᠠᠲᠠᠢ ᠪᠠᠷ ᠠᠵᠢᠯᠯᠠᠵᠤ ᠡᠷᠡᠰ ᠰᠢᠭᠤᠷᠬᠠᠢ ᠪᠠᠷ ᠤᠷᠤᠭᠰᠢᠯᠠᠨ᠎ᠠ᠃ ︽ᠤᠴᠢᠷ ᠶᠠᠪᠤᠳᠠᠯ ᠢ ᠦᠨᠵᠢᠬᠦᠯᠬᠦ ᠦᠭᠡᠢ᠂ ᠲᠤᠬᠠᠢ ᠶᠢᠨ ᠡᠳᠦᠷ ᠲᠤ | ᠬᠡᠳᠦᠢ ᠣᠷᠣᠢ ᠪᠣᠯᠤᠭᠰᠠᠨ ᠴᠤ ᠡᠷᠲᠡ︾ ᠭᠡᠬᠦ ᠠᠵᠢᠯ ᠤᠨ ᠰᠤᠷᠲᠠᠯ ᠢ ᠪᠤᠶ ᠪᠣᠯᠭᠠᠵᠤ᠂ ᠥᠷᠭᠡᠨ ᠣᠯᠠᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ | ᠬᠠᠷᠢᠭᠤᠴᠠᠯᠭ᠎ᠠ ᠡᠭᠦᠷᠭᠡᠯᠡᠭᠦᠯᠦᠨ ᠠᠵᠢᠯ ᠦᠢᠯᠡᠰ ᠪᠦᠲᠦᠭᠡᠵᠦ᠂ ᠬᠡᠯᠡᠭᠰᠡᠨ ᠢᠶᠠᠷ ᠢᠶᠠᠨ ᠬᠢᠵᠦ᠂ ᠲᠣᠭᠲᠠᠭᠠᠭᠰᠠᠨ ᠢᠶᠠᠷ ᠢᠶᠠᠨ ᠶᠠᠪᠤᠭᠳᠠᠭᠤᠯᠤᠨ᠎ᠠ᠃ ᠡᠮᠦᠨᠡᠲᠦ | ᠬᠤᠰᠢᠭᠤᠨ ᠤ ᠬᠥᠭᠵᠢᠯᠲᠡ ᠳᠤ ᠠᠰᠢᠭᠲᠠᠢ ᠶᠠᠪᠤᠳᠠᠯ᠂ ᠡᠮᠦᠨᠡᠲᠦ ᠬᠤᠰᠢᠭᠤᠨ ᠤ ᠠᠷᠠᠳ ᠲᠦᠮᠡᠨ ᠳᠤ ᠠᠰᠢᠭᠲᠠᠢ ᠶᠠᠪᠤᠳᠠᠯ ᠪᠦᠬᠦᠨ ᠳᠤ ᠪᠣᠯᠬᠤ ᠦᠭᠡᠢ ᠭᠡᠬᠦ | ᠮᠢᠩᠭᠠᠨ ᠵᠦᠢᠯ ᠤᠨ ᠰᠢᠯᠲᠠᠭᠠᠨ ᠢ ᠳᠤᠲᠠᠭᠤ ᠶᠠᠷᠢᠵᠤ᠂ ᠬᠢᠵᠦ ᠳᠡᠶᠢᠯᠬᠦ ᠲᠦᠮᠡᠨ ᠵᠦᠢᠯ ᠤᠨ ᠠᠷᠭ᠎ᠠ ᠶᠢ ᠢᠯᠡᠭᠦᠬᠡᠨ ᠪᠣᠳᠣᠯᠬᠢᠯᠠᠵᠤ᠂ ᠬᠦᠴᠢᠷ ᠪᠡᠷᠬᠡᠰᠢᠶᠡᠯ ᠠᠴᠠ | ᠵᠠᠶᠢᠯᠠᠬᠤ ᠦᠭᠡᠢ᠂ ᠵᠥᠷᠢᠴᠡᠯ ᠲᠤᠯᠭᠠᠷᠠᠪᠠᠯ ᠲᠣᠭᠤᠷᠢᠵᠤ ᠶᠠᠪᠤᠬᠤ ᠦᠭᠡᠢ᠂ ᠠᠰᠠᠭᠤᠳᠠᠯ ᠢ ᠰᠢᠢᠳᠪᠦᠷᠢᠯᠡᠬᠦ ᠳᠤ ᠤᠳᠠᠭᠠᠰᠢᠷᠠᠭᠤᠯᠬᠤ ᠦᠭᠡᠢ ᠪᠠᠶᠢᠵᠤ᠂ ᠵᠢᠯ ᠪᠦᠷᠢ | ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠠᠳᠬᠤᠵᠤ᠂ ᠨᠢᠭᠡ ᠪᠦᠯᠦᠭ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠯᠠᠨ ᠤ ᠠᠮᠢᠳᠤᠷᠠᠯ ᠢ ᠡᠳᠦᠷ ᠠᠴᠠ ᠡᠳᠦᠷ ᠰᠠᠶᠢᠵᠢᠷᠠᠭᠤᠯᠤᠨ᠂ ᠠᠮᠢᠳᠤᠷᠠᠯ ᠢ ᠵᠢᠯ ᠠᠴᠠ ᠵᠢᠯ ᠠᠵᠤ ᠵᠢᠷᠭᠠᠯ ᠲᠠᠢ | ᠪᠣᠯᠭᠠᠨ᠎ᠠ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠲᠤᠬᠠᠢ ᠶᠢᠨ ᠲᠠᠯᠠᠪᠠᠢ ᠳᠤ ᠪᠠᠶᠢᠵᠤ ᠳᠡᠶᠢᠯᠪᠡᠯ ᠬᠤᠷᠠᠯ ᠤᠨ ᠲᠠᠯᠠᠪᠠᠢ ᠳᠤ | ᠪᠠᠶᠢᠬᠤ ᠦᠭᠡᠢ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠤᠯᠠᠨ ᠲᠦᠮᠡᠨ ᠲᠠᠢ ᠬᠠᠮᠲᠤ ᠵᠣᠭᠰᠣᠵᠤ᠂ ᠬᠠᠮᠲᠤ ᠠᠵᠢᠯᠯᠠᠬᠤ ᠶᠢ ᠪᠤᠳᠤᠵᠤ | ᠂ ᠬᠦᠴᠢᠷ ᠪᠡᠷᠬᠡᠰᠢᠶᠡᠯ ᠤᠨ ᠵᠢᠭᠠᠯᠲᠠ ᠲᠤᠭ᠎ᠠ ᠪᠠᠷ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠪᠠᠷ ᠰᠣᠯᠢᠵᠤ ᠠᠪᠤᠨ᠎ᠠ᠃ | ᠠᠷᠢᠭᠤᠨ ᠴᠢᠬᠡᠴᠢ ᠪᠠᠷ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠦᠬᠡᠨᠴᠡ ᠵᠠᠰᠠᠭ᠂ ᠵᠠᠯᠬᠠᠭᠤ ᠵᠠᠰᠠᠭ᠂ ᠬᠤᠶᠢᠷᠭᠤ ᠵᠠᠰᠠᠭ ᠤᠨ ᠦᠢᠯᠡ ᠠᠵᠢᠯᠯᠠᠭ᠎ᠠ ᠶᠢ ᠡᠷᠡᠰ ᠴᠡᠭᠴᠡᠯᠡᠵᠦ᠂ ᠪᠠᠶᠢᠷᠢ ᠰᠠᠭᠤᠷᠢ ᠶᠢ | ᠡᠵᠡᠯᠡᠭᠡᠳ ᠤᠴᠢᠷ ᠶᠠᠪᠤᠳᠠᠯ ᠢ ᠪᠤᠳᠤᠬᠤ ᠦᠭᠡᠢ᠂ ᠡᠳᠦᠷ ᠬᠤᠨᠤᠭ ᠢ ᠥᠩᠭᠡᠷᠡᠭᠡᠵᠦ ᠠᠵᠢᠯ ᠶᠠᠪᠤᠳᠠᠯ ᠬᠢᠬᠦ ᠦᠭᠡᠢ᠂ ᠬᠠᠰᠢ ᠶᠠᠰᠢ ᠪᠠᠷ ᠠᠯᠪᠠ ᠬᠠᠰᠢᠵᠤ ᠠᠵᠢᠯ | ᠶᠠᠪᠤᠳᠠᠯ ᠬᠢᠬᠦ ᠦᠭᠡᠢ ᠪᠠᠶᠢᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ ︽ᠶᠡᠭᠡ ᠶᠠᠪᠤᠳᠠᠯ︾ ᠢ ᠰᠠᠶᠢᠲᠤᠷ ᠬᠠᠮᠢᠶᠠᠷᠴᠤ᠂ ︽ᠪᠠᠭ᠎ᠠ ᠶᠠᠪᠤᠳᠠᠯ︾ ᠢ ᠪᠠᠲᠤ | ᠰᠠᠬᠢᠵᠤ᠂ ᠢᠮᠠᠭᠲᠠ ᠰᠡᠳᠬᠢᠯ ᠵᠢᠷᠦᠬᠡᠨ ᠠᠴᠠ ᠪᠠᠨ ᠡᠮᠢᠶᠡᠵᠦ᠂ ᠦᠭᠡ ᠬᠡᠯᠡᠬᠦ ᠳᠡᠭᠡᠨ ᠴᠡᠭᠡᠷ ᠲᠠᠢ᠂ ᠦᠢᠯᠡ ᠠᠵᠢᠯᠯᠠᠭ᠎ᠠ ᠳᠠᠭᠠᠨ ᠵᠣᠭᠰᠣᠴᠠ ᠲᠠᠢ ᠪᠠᠶᠢᠵᠤ᠂ ︽ | ᠰᠡᠷᠭᠡᠶᠢᠯᠡᠯᠲᠡ ᠶᠢᠨ ᠱᠤᠭᠤᠮ︾ ᠢ ᠳᠠᠪᠠᠭ᠋ᠤ ᠦᠭᠡᠢ᠂ ︽ᠤᠯᠠᠭᠠᠨ ᠱᠤᠭᠤᠮ︾ ᠢ ᠭᠢᠰᠬᠢᠬᠦ ᠦᠭᠡᠢ᠂ ︽ᠬᠤᠷᠢᠭ᠎ᠠ ᠱᠤᠭᠤᠮ︾ ᠢ ᠳᠠᠪᠠᠭ᠋ᠤ ᠦᠭᠡᠢ ᠪᠠᠶᠢᠬᠤ | ᠬᠡᠷᠡᠭᠲᠡᠢ᠃ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠲᠥᠰᠥᠪ ᠤᠨ | ᠬᠠᠮᠢᠶᠠᠷᠤᠯᠲᠠ ᠪᠠ ᠵᠠᠷᠤᠯᠭ᠎ᠠ ᠶᠢᠨ ᠬᠢᠵᠠᠭᠠᠷᠯᠠᠯ ᠢ ᠴᠢᠩᠭᠠᠳᠬᠠᠵᠤ᠂ ᠵᠠᠪᠠᠯ ᠬᠢᠬᠦ ᠪᠤᠰᠤ᠂ ᠭᠤᠣᠯᠳᠠᠯᠭ᠎ᠠ ᠲᠠᠢ ᠪᠤᠰᠤ ᠵᠦᠢᠯᠡᠰ ᠤᠨ ᠵᠠᠷᠤᠯᠭ᠎ᠠ ᠶᠢ ᠪᠠᠭᠠᠰᠬᠠᠬᠤ ᠠᠴᠠ | ᠪᠢᠰᠢ ᠨᠡᠮᠡᠭᠳᠡᠭᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠤᠪᠣᠷ ᠨᠠᠨᠳᠢᠨ ᠡᠬᠢ ᠪᠠᠶᠠᠯᠢᠭ ᠪᠠ ᠡᠳ᠋ ᠤᠨ ᠬᠦᠴᠦᠨ ᠢ ᠬᠥᠭᠵᠢᠯᠲᠡ ᠶᠢᠨ ᠴᠢᠬᠤᠯᠠ ᠭᠠᠵᠠᠷ᠂ | ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠳᠤ ᠬᠡᠷᠡᠭᠯᠡᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠢ ᠬᠦᠴᠦᠯᠡᠨ ᠪᠠᠶᠢᠭᠤᠯᠤᠨ᠎ᠠ᠃ | ᠲᠥᠯᠥᠭᠡᠯᠡᠭᠴᠢᠳ ᠠ᠋︕ ᠲᠤᠷᠤᠨ᠎ᠠ ᠶᠢᠨ ᠰᠠᠯᠬᠢ ᠳᠠᠷᠪᠠᠭᠤᠯ ᠬᠡᠶᠢᠰᠬᠡᠨ ᠤᠷᠤᠭᠰᠢᠯᠠᠵᠤ᠂ ᠡᠷᠡᠮᠡᠬᠡᠶᠢᠯᠡᠨ ᠲᠠᠪᠰᠢᠬᠤ ᠴᠠᠭ ᠦᠶ᠎ᠡ ᠳᠡᠭᠡᠨ ᠣᠷᠤᠯ᠎ᠠ᠃ ᠪᠢᠳᠡ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠥᠬᠦ ᠬᠤᠰᠢᠭᠤᠨ ᠤ ᠠᠷᠠᠳ ᠲᠦᠮᠡᠨ ᠳᠤ ᠴᠢᠩᠭ᠎ᠠ | ᠲᠦᠰᠢᠭᠯᠡᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ ᠵᠠᠮ ᠨᠡᠭᠡᠭᠡᠨ ᠰᠢᠨ᠎ᠡ ᠶᠢ ᠡᠭᠦᠳᠴᠦ᠂ | ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠤᠷᠠᠳ ᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠵᠡᠭᠡᠶ᠎ᠡ︕ | | | ᠨᠡᠷ᠎ᠡ ᠦᠭᠡ ᠶᠢᠨ ᠲᠠᠶᠢᠯᠪᠤᠷᠢ | ︽ᠨᠢᠭᠡ ᠲᠣᠭᠤᠷᠢᠭ ᠬᠤᠶᠠᠷ ᠪᠦᠰᠡ︾᠄ ᠤᠯᠠᠭᠠᠨᠰᠤᠬᠠᠢ ᠶᠢ ᠲᠣᠭᠤᠷᠢᠭᠰᠠᠨ᠂ 110 ᠤᠯᠤᠰ ᠤᠨ ᠵᠠᠮ ᠳᠠᠭᠠᠤ ᠶᠢᠨ ᠬᠠᠲᠤᠨ ᠭᠤᠣᠯ ᠤᠨ ᠠᠵᠤ | ᠠᠬᠤᠢ ᠶᠢᠨ ᠪᠦᠰᠡ ᠪᠠ ᠠᠭᠤᠯᠠ ᠶᠢᠨ ᠠᠷᠤ ᠶᠢᠨ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠵᠤ ᠰᠡᠯᠪᠢᠨ ᠵᠠᠰᠠᠭᠰᠠᠨ ᠪᠦᠰᠡ᠃ ᠤᠯᠠᠭᠠᠨᠰᠤᠬᠠᠢ ᠶᠢᠨ | ᠡᠮᠦᠨ᠎ᠡ ᠡᠷᠭᠢ ᠳᠤ ᠤᠯᠠᠭᠠᠨ ᠯᠠᠵᠤᠤ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠲᠥᠪᠯᠡᠷᠡᠭᠰᠡᠨ ᠣᠷᠣᠨ ᠢ | ᠪᠠᠶᠢᠭᠤᠯᠵᠤ᠂ ᠤᠯᠠᠭᠠᠨᠰᠤᠬᠠᠢ ᠶᠢᠨ ᠪᠠᠷᠠᠭᠤᠨ ᠡᠷᠭᠢ ᠳᠤ ᠬᠤᠯᠤ᠂ ᠨᠡᠷᠡᠨ ᠬᠤᠸᠠᠷ ᠢ ᠪᠠᠷᠢᠮᠵᠢᠶᠠᠵᠢᠭᠤᠯᠤᠨ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ | ᠴᠤᠭᠯᠠᠷᠠᠯ ᠤᠨ ᠣᠷᠣᠨ ᠢ ᠪᠠᠶᠢᠭᠤᠯᠵᠤ᠂ ᠤᠯᠠᠭᠠᠨᠰᠤᠬᠠᠢ ᠶᠢᠨ ᠬᠤᠶᠢᠲᠤ ᠡᠷᠭᠢ ᠳᠤ ᠣᠨᠴᠠᠯᠢᠭᠲᠤ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ | ᠴᠤᠭᠯᠠᠷᠠᠯ ᠤᠨ ᠣᠷᠣᠨ ᠢ ᠪᠠᠶᠢᠭᠤᠯᠵᠤ᠂ ᠤᠯᠠᠭᠠᠨᠰᠤᠬᠠᠢ ᠶᠢᠨ ᠵᠡᠭᠦᠨ ᠡᠷᠭᠢ ᠳᠤ 10 ᠲᠦᠮᠡᠨ ᠰᠠᠭᠠᠯᠢ ᠶᠢᠨ ᠦᠨᠢᠶ᠎ᠡ᠂ 10 ᠲᠦᠮᠡᠨ ᠠᠯᠠᠰᠢᠨ ᠦᠬᠡᠷ᠂ 200 | ᠲᠦᠮᠡᠨ ᠭᠠᠭ᠋ᠠᠢ ᠶᠢᠨ ᠣᠷᠭᠠᠨᠢᠭ ᠮᠠᠯ ᠠᠵᠤ ᠠᠬᠤᠢ ᠶᠢᠨ ᠠᠵᠤ ᠦᠢᠯᠡᠰ ᠤᠨ ᠴᠤᠭᠯᠠᠷᠠᠯ ᠤᠨ ᠣᠷᠣᠨ ᠢ ᠪᠠᠶᠢᠭᠤᠯᠵᠤ ᠳᠠᠭᠤᠰᠬᠠᠨ᠎ᠠ︔110 ᠤᠯᠤᠰ ᠤᠨ ᠵᠠᠮ ᠤᠨ | ᠳᠠᠭᠠᠤ ᠪᠠᠷᠢᠮᠵᠢᠶᠠᠲᠤ ᠪᠦᠲᠦᠭᠡᠭᠳᠡᠬᠦᠨ ︵ᠠᠮᠲᠠᠲᠤ ᠬᠡᠮᠬᠡ᠂ ᠴᠢᠨ᠋ᠸ᠎ᠠ ᠶᠢᠨ ᠬᠠᠷᠮᠠᠭ︶ ᠪᠣᠯᠣᠨ ᠠᠯᠠᠰᠢᠨ ᠬᠤᠨᠢ ᠲᠡᠵᠢᠭᠡᠨ ᠦᠷᠡᠵᠢᠭᠦᠯᠬᠦ 2 ᠠᠵᠤ ᠦᠢᠯᠡᠰ ᠤᠨ | ᠲᠥᠪᠯᠡᠷᠡᠭᠰᠡᠨ ᠣᠷᠣᠨ ᠢ ᠪᠠᠶᠢᠭᠤᠯᠤᠨ᠎ᠠ︔ ᠠᠭᠤᠯᠠ ᠶᠢᠨ ᠠᠷᠤ ᠶᠢᠨ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠨ ᠰᠡᠷᠭᠦᠭᠡᠬᠦ ᠪᠦᠰᠡ ᠳᠤ ᠳᠠᠭᠤᠷᠢᠶᠠᠮᠠᠯ | ᠬᠡᠭᠡᠷ᠎ᠡ ᠶᠢᠨ ᠬᠢᠲᠠᠳ ᠡᠮ ᠤᠨ ᠮᠠᠲ᠋ᠧᠷᠢᠶᠠᠯ ᠪᠠ ᠢᠳᠡᠭᠡᠨ ᠤ ᠪᠠᠺᠲ᠋ᠧᠷᠢ ᠵᠡᠷᠭᠡ 2 ᠠᠵᠤ ᠦᠢᠯᠡᠰ ᠤᠨ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ | ︽ᠲᠠᠪᠤᠨ ᠶᠡᠭᠡ ᠡᠭᠦᠷᠭᠡ︾᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠤᠨ᠎ᠠ︔ᠡᠨᠧᠷᠭᠢ ᠶᠢᠨ ᠰᠤᠷᠪᠤᠯᠵᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠤᠨ᠎ᠠ᠃ | ︽ᠲᠠᠪᠤᠨ ᠥᠨᠳᠥᠷ ᠲᠠᠪᠤᠨ ᠰᠢᠨ᠎ᠡ︾᠄ ᠥᠨᠳᠥᠷ ᠲᠦᠪᠰᠢᠨ ᠪᠦᠬᠦᠢ ᠠᠮᠢ ᠠᠬᠤᠢ ᠶᠢᠨ ᠬᠠᠮᠠᠭᠠᠯᠠᠯᠲᠠ ᠰᠢᠨ᠎ᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠢ | ᠠᠵᠤ ᠠᠬᠤᠢ ᠶᠢᠨ ᠬᠥᠭᠵᠢᠯᠲᠡ ᠰᠢᠨ᠎ᠡ ᠳᠠᠪᠠᠭᠤᠯᠢᠭ ᠢ ᠡᠭᠦᠳᠴᠦ᠂ ᠴᠢᠨᠠᠷ ᠰᠠᠶᠢᠲᠠᠢ ᠠᠷᠠᠳ ᠤᠨ ᠠᠮᠢᠳᠤᠷᠠᠯ ᠰᠢᠨ᠎ᠡ ᠲᠦᠪᠰᠢᠨ ᠳᠤ ᠬᠦᠷᠴᠦ᠂ ᠥᠨᠳᠥᠷ | ᠪᠦᠲᠦᠮᠵᠢᠲᠡᠢ ᠨᠡᠶᠢᠭᠡᠮ ᠤᠨ ᠵᠠᠰᠠᠯᠲᠠ ᠶᠢᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ | ᠡᠭᠦᠳᠦᠨ᠎ᠡ᠃ | ︽ᠵᠢᠷᠭᠤᠭᠠᠨ ᠬᠥᠭᠵᠢᠯᠲᠡ ᠶᠢᠨ ᠪᠠᠶᠢᠷᠢ ᠲᠣᠭᠲᠠᠭᠠᠯᠲᠠ︾᠄ ᠮᠠᠨ ᠤ ᠬᠤᠰᠢᠭᠤ ᠪᠠᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠂ ᠪᠠᠶᠠᠨᠨᠠᠭᠤᠷ | ᠬᠤᠳᠠ ᠶᠢᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ︽ᠲᠤᠯᠭᠠᠭᠤᠷᠢᠯᠠᠬᠤ ᠴᠡᠭ︾ ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠰᠢᠨ᠎ᠡ | ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢᠨ ︽ᠰᠢᠨ᠎ᠡ ᠥᠨᠳᠦᠷᠯᠢᠭ︾᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠵᠠᠰᠠᠯᠲᠠ ᠶᠢᠨ︽ᠵᠢᠱᠢᠶ᠎ᠡ ᠦᠵᠡᠭᠦᠯᠬᠦ ᠲᠣᠭᠤᠷᠢᠭ︾ ᠨᠢ ᠬᠥᠬᠡᠬᠤᠲᠠ ᠪᠤᠭᠤᠲᠤ ᠣᠷᠳᠣᠰ ᠤᠨ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢᠨ ︽ᠠᠬᠢᠭᠤᠯᠤᠭᠴᠢ︾ | ᠂ ᠡᠨᠧᠷᠭᠢ ᠪᠣᠯᠣᠨ ᠬᠢᠯᠢ ᠶᠢᠨ ᠭᠠᠳᠠᠨᠠᠬᠢ ᠡᠬᠢ ᠪᠠᠶᠠᠯᠢᠭ ᠢ ᠭᠠᠳᠠᠭᠠᠳᠤ ᠠᠴᠠ ᠣᠷᠣᠭᠤᠯᠵᠤ ᠡᠳ᠋ᠰᠢᠭᠦᠯᠦᠨ ᠬᠤᠪᠢᠷᠠᠭᠤᠯᠵᠤ ᠭᠠᠳᠠᠭᠠᠳᠤ ᠳᠤ ᠭᠠᠷᠭᠠᠬᠤ ᠶᠢᠨ ︽ | ᠭᠤᠣᠯ ᠨᠡᠪᠲᠡᠷᠡᠬᠦ ᠵᠠᠮ︾ ᠲᠠᠢ ᠠᠭᠤᠰᠤᠯᠴᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ︽ᠬᠠᠮᠠᠭᠠᠯᠠᠭᠴᠢ︾ | ᠪᠣᠯᠭᠠᠨ ᠪᠦᠲᠦᠭᠡᠨ ᠪᠠᠶᠢᠭᠤᠯᠤᠨ᠎ᠠ᠃ | ︽ᠨᠠᠢᠮᠠᠨ ᠭᠤᠣᠯᠳᠠᠯᠭ᠎ᠠ ᠲᠠᠢ ᠡᠭᠦᠷᠭᠡ︾᠄ ᠬᠥᠭᠵᠢᠯᠲᠡ ᠶᠢᠨ ᠣᠶᠢᠯᠠᠭᠠᠭᠳᠠᠬᠤᠨ ᠢ ᠬᠤᠪᠢᠷᠠᠭᠤᠯᠬᠤ᠂ ᠠᠵᠤ ᠦᠢᠯᠡᠰ ᠤᠨ ᠲᠤᠭᠳᠠᠯᠴᠠᠭ᠎ᠠ ᠶᠢ | ᠬᠤᠪᠢᠷᠠᠭᠤᠯᠬᠤ᠂ ᠬᠥᠭᠵᠢᠯᠲᠡ ᠶᠢᠨ ᠬᠥᠳᠡᠯᠭᠡᠭᠦ ᠬᠦᠴᠦᠨ ᠢ ᠬᠤᠪᠢᠷᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠲᠡᠰ ᠳᠡᠪᠰᠢᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ | ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠭᠠᠵᠠᠷ ᠣᠷᠣᠨ ᠤ ᠳᠦᠷᠢ ᠲᠥᠷᠬᠦ ᠶᠢ ᠰᠠᠶᠢᠵᠢᠷᠠᠭᠤᠯᠬᠤ᠃ | ︽ᠲᠠᠪᠤᠨ ᠶᠡᠭᠡ ᠬᠥᠭᠵᠢᠯ ᠮᠠᠨᠳᠤᠯ︾᠄ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠴᠢᠳᠠᠪᠤᠷᠢᠲᠠᠨ ᠢ | ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠠᠮᠢ ᠠᠬᠤᠢ ᠶᠢ ᠬᠥᠭᠵᠢᠭᠦᠯᠦᠨ | ᠮᠠᠨᠳᠤᠭᠤᠯᠬᠤ ᠪᠠ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢ ᠬᠦᠭᠵᠢᠭᠦᠯᠦᠨ ᠮᠠᠨᠳᠤᠭᠤᠯᠬᠤ᠃ | ︽ᠤᠰᠤ ᠪᠠᠷ ᠳᠥᠷᠪᠡ ᠶᠢ ᠲᠣᠭᠲᠠᠭᠠᠬᠤ︾᠄ ᠬᠤᠳᠠ ᠶᠢᠨ ᠬᠥᠭᠵᠢᠯᠲᠡ ᠳᠤ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ | ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠬᠤ ᠬᠡᠷᠡᠭᠲᠡᠢ᠃ | ︽ᠲᠠᠪᠤᠨ ᠶᠡᠭᠡ ᠡᠬᠢᠯᠡᠯᠲᠡ︾᠄ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠶᠡᠭᠡ ᠡᠬᠢᠯᠡᠯᠲᠡ ᠲᠠᠢ ᠪᠣᠯᠭᠠᠵᠤ᠂ ᠰᠤᠯᠠ ᠪᠠᠶᠢᠭ᠎ᠠ ᠭᠠᠵᠠᠷ ᠰᠢᠷᠣᠢ ᠶᠢ | ᠶᠡᠭᠡ ᠡᠬᠢᠯᠡᠯᠲᠡ ᠲᠠᠢ ᠪᠣᠯᠭᠠᠵᠤ᠂ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠶᠡᠭᠡ ᠡᠬᠢᠯᠡᠯᠲᠡ ᠲᠠᠢ ᠪᠣᠯᠭᠠᠵᠤ᠂ ︽ᠬᠠᠭᠠᠰ ᠳᠤᠲᠠᠭᠤ︾ ᠢᠨᠵᠧᠨᠧᠷᠢᠩ ᠢ ᠶᠡᠭᠡ | ᠡᠬᠢᠯᠡᠯᠲᠡ ᠲᠠᠢ ᠪᠣᠯᠭᠠᠵᠤ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠭᠡ ᠡᠬᠢᠯᠡᠯᠲᠡ ᠲᠠᠢ ᠪᠣᠯᠭᠠᠨ᠎ᠠ᠃ | | | | | |