ᠠᠩᠭ᠍ᠯᠢ ᠶᠢᠨ ᠺᠠᠮᠪᠷᠢᠵ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨᠲᠠᠳ ᠤᠨ ᠬᠢᠭᠰᠡᠨ 28 ᠲᠦᠮᠡᠨ ᠬᠥᠮᠦᠨ ᠳᠤ ᠬᠠᠨᠳᠤᠭᠤᠯᠤᠭᠰᠠᠨ ᠨᠢᠭᠡᠨ | ᠵᠠᠳᠠᠯᠤᠯᠲᠠ ᠳᠤ ᠢᠯᠡᠷᠡᠭᠦᠯᠦᠭᠰᠡᠨ ᠢᠶᠠᠷ᠂ ᠡᠷᠡᠭᠦᠯ ᠴᠢᠭᠢᠷᠠᠭ ᠠᠮᠢᠳᠤᠷᠠᠯ ᠤᠨ ᠬᠡᠪ ᠮᠠᠶ᠋ᠢᠭ ᠢ ᠪᠠᠲᠤᠯᠠᠬᠤ ᠨᠢ ᠬᠥᠮᠦᠰ ᠤᠨ ᠭᠠᠨᠭ᠍ᠰᠠᠷᠠᠬᠤ ᠡᠪᠡᠳᠴᠢᠨ ᠳᠤ | ᠨᠡᠷᠪᠡᠭᠳᠡᠬᠦ ᠲᠦᠭᠰᠢᠭᠦᠷᠢ ᠶᠢ 57% ᠪᠠᠷ ᠪᠠᠭᠤᠷᠠᠭᠤᠯᠵᠤ ᠪᠣᠯᠤᠨ᠎ᠠ ᠭᠡᠵᠡᠢ᠃ | ᠰᠤᠳᠤᠯᠭᠠᠨ ᠤ ᠪᠦᠯᠬᠦᠮ ᠤᠨ ᠬᠢᠨ ᠠᠩᠭ᠍ᠯᠢ ᠶᠢᠨ 28 ᠲᠦᠮᠡ ᠭᠠᠷᠤᠶ ᠨᠠᠰᠤᠨ ᠳᠤ ᠬᠦᠷᠦᠭᠰᠡᠳ ᠤᠨ ᠰᠫᠢᠷᠲ ᠪᠣᠯᠤᠨ ᠨᠢᠺᠣᠲ᠋ᠢᠨ ᠤ ᠬᠡᠷᠡᠭᠯᠡᠯᠲᠡ᠂ | ᠪᠡᠶ᠎ᠡ ᠶᠢᠨ ᠲᠠᠮᠢᠷ ᠤᠨ ᠬᠥᠳᠡᠯᠭᠡᠭᠡᠨ᠂ ᠢᠳᠡᠭᠡᠨ ᠤᠮᠳᠠᠭᠠᠨ᠂ ᠨᠦᠢᠷ ᠪᠣᠯᠤᠨ ᠬᠥᠮᠦᠰ ᠤᠨ ᠬᠠᠷᠢᠴᠠᠭᠠᠨ ᠤ ᠲᠤᠭ᠎ᠠ ᠪᠠᠷᠢᠮᠲᠠ ᠶᠢ ᠵᠠᠳᠠᠯᠤᠨ ᠰᠢᠨᠵᠢᠯᠡᠪᠡ᠃ | ᠣᠷᠣᠯᠴᠠᠭᠰᠠᠳ 2006 ᠣᠨ ᠠᠴᠠ 2010 ᠣᠨ ᠪᠣᠯᠲᠠᠯᠠᠬᠢ ᠬᠤᠭᠤᠴᠠᠭᠠᠨ ᠳᠤ ᠠᠮᠢᠳᠤᠷᠠᠯ ᠤᠨ ᠠᠷᠭ᠎ᠠ ᠮᠠᠶ᠋ᠢᠭ ᠤᠨ ᠠᠰᠠᠭᠤᠯᠲᠠ ᠶᠢᠨ ᠬᠠᠭᠤᠳᠠᠰᠤ | ᠢᠢ ᠨᠢᠭᠡ ᠬᠤᠪᠢ ᠪᠢᠴᠢᠵᠦ ᠳᠠᠭᠤᠰᠬᠠᠭᠰᠠᠨ ᠪᠥᠭᠡᠳ ᠰᠤᠳᠤᠯᠭᠠᠲᠠᠳ ᠴᠤ ᠲᠡᠳᠡᠨ ᠤ ᠡᠷᠡᠭᠦᠯ ᠮᠡᠨᠳᠦ ᠶᠢᠨ ᠲᠡᠮᠳᠡᠭᠯᠡᠯ ᠢ ᠪᠠᠶᠢᠴᠠᠭᠠᠨ ᠦᠵᠡᠵᠡᠢ᠃ | ᠲᠡᠭᠦᠨ ᠠᠴᠠ ᠬᠤᠶᠢᠰᠢᠬᠢ 13 ᠵᠢᠯ ᠤᠨ ᠲᠠᠭᠠᠨ ᠰᠤᠷᠪᠤᠯᠵᠢᠯᠠᠭᠰᠠᠨ ᠬᠤᠭᠤᠴᠠᠭᠠᠨ ᠳᠤ 12916 ᠬᠥᠮᠦᠨ ᠭᠠᠨᠭ᠍ᠰᠠᠷᠠᠬᠤ ᠡᠪᠡᠳᠴᠢᠨ ᠳᠤ | ᠨᠡᠷᠪᠡᠭᠳᠡᠭᠰᠡᠨ ᠢᠶᠠᠷ ᠣᠨᠣᠰᠢᠯᠠᠭᠳᠠᠵᠠᠶ᠃ ᠰᠤᠳᠤᠯᠭᠠᠨ ᠤ ᠠᠵᠢᠯᠲᠠᠨ ᠨᠠᠰᠤ ᠵᠢᠯ᠂ ᠬᠦᠢᠰᠦ᠂ ᠪᠡᠶ᠎ᠡ ᠶᠢᠨ ᠬᠦᠨᠳᠦ ᠶᠢᠨ ᠵᠢᠭᠠᠯᠲᠠ ᠲᠤᠭ᠎ᠠ᠂ ᠨᠡᠶᠢᠭᠡᠮ ᠤᠨ | ᠠᠵᠤ ᠠᠬᠤᠶ ᠶᠢᠨ ᠪᠠᠶᠢᠷᠢ ᠰᠠᠭᠤᠷᠢ ᠪᠠ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ 7 ᠵᠦᠢᠯ ᠤᠨ | ᠠᠮᠢᠳᠤᠷᠠᠯ ᠤᠨ ᠬᠡᠪ ᠮᠠᠶ᠋ᠢᠭ ᠨᠢ ᠭᠠᠩᠰᠠᠷᠠᠯ ᠤᠨ ᠲᠦᠭᠰᠢᠭᠦᠷᠢ ᠨᠡᠯᠢᠶᠡᠳ ᠳᠣᠤᠷ᠎ᠠ ᠪᠠᠶᠢᠭ᠎ᠠ ᠲᠠᠢ ᠬᠤᠯᠪᠣᠭ᠎ᠠ ᠲᠠᠢ ᠶᠢ ᠣᠯᠵᠤ ᠮᠡᠳᠡᠵᠡᠶ᠃ ᠡᠳᠡᠭᠡᠷ ᠨᠢ | ᠵᠣᠬᠢᠬᠤ ᠬᠡᠮᠵᠢᠶ᠎ᠡ ᠪᠠᠷ ᠠᠷᠢᠬᠢ ᠤᠤᠭᠤᠬᠤ᠂ ᠶᠡᠷᠦ ᠠᠴᠠ ᠲᠠᠮᠠᠬᠢ ᠲᠠᠲᠠᠬᠤ ᠦᠭᠡᠢ᠂ ᠭᠦᠢᠴᠡᠳ ᠤᠨᠲᠠᠬᠤ᠂ ᠲᠣᠭᠲᠠᠭᠰᠠᠨ ᠬᠤᠭᠤᠴᠠᠭ᠎ᠠ ᠲᠠᠢ ᠪᠡᠶ᠎ᠡ | ᠪᠣᠯᠪᠠᠰᠤᠷᠠᠬᠤ᠂ ᠡᠷᠡᠭᠦᠯ ᠬᠤᠭᠤᠯᠠᠯᠠᠬᠤ᠂ ᠦᠷᠭᠦᠯᠵᠢ ᠨᠡᠶᠢᠭᠡᠮ ᠤᠨ ᠬᠠᠷᠢᠯᠴᠠᠭ᠎ᠠ ᠬᠢᠬᠦ ᠪᠠ ᠤᠳᠠᠭᠠᠨ ᠰᠠᠭᠤᠬᠤ ᠶᠢ ᠠᠯᠢ ᠴᠢᠳᠠᠬᠤ ᠪᠠᠷ ᠪᠠᠭᠠᠰᠬᠠᠬᠤ | ᠵᠡᠷᠭᠡ ᠪᠤᠯᠤᠨ᠎ᠠ᠃ | ᠳᠠᠷᠠᠭ᠎ᠠ ᠪᠠᠷ ᠨᠢ ᠰᠤᠳᠤᠯᠭᠠᠨ ᠤ ᠠᠵᠢᠯᠲᠠᠳ ᠣᠷᠣᠯᠴᠠᠭᠰᠠᠳ ᠤᠨ ᠠᠮᠢᠳᠤᠷᠠᠯ ᠤᠨ ᠬᠡᠪ ᠮᠠᠶ᠋ᠢᠭ ᠢ ᠦᠨᠳᠦᠰᠦᠯᠡᠨ ᠲᠡᠳᠡᠨ ᠢ ᠲᠥᠷᠥᠯ ᠬᠤᠪᠢᠶᠠᠵᠠᠶ᠃ | ᠡᠭᠦᠨ ᠤ ᠦᠷ᠎ᠡ ᠳ᠋ᠦᠩ ᠳᠤ᠂ 5 — 7 ᠵᠦᠢᠯ ᠤᠨ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠬᠥᠮᠦᠰ ᠤᠨ ᠭᠠᠨᠭ᠍ᠰᠠᠷᠠᠬᠤ ᠡᠪᠡᠳᠴᠢᠨ ᠳᠤ | ᠨᠡᠷᠪᠡᠭᠳᠡᠬᠦ ᠲᠦᠭᠰᠢᠭᠦᠷᠢ ᠨᠢ ᠵᠥᠪᠬᠡᠨ ᠲᠡᠭᠦᠨ ᠤ ᠳᠣᠲᠣᠷᠠᠬᠢ ᠬᠤᠶᠠᠷ ᠵᠦᠢᠯ ᠤᠨ ᠳᠠᠳᠬᠠᠯ ᠲᠠᠢ ᠬᠥᠮᠦᠰ ᠤᠨ ᠬᠢ ᠠᠴᠠ ᠳᠤᠮᠳᠠᠴᠢ ᠪᠠᠷ 57% ᠪᠠᠷ | ᠳᠣᠤᠷ᠎ᠠ ᠪᠠᠶᠢᠬᠤ ᠶᠢ ᠢᠯᠡᠷᠡᠬᠦᠯᠵᠡᠢ᠃ ᠤᠨᠲᠠᠬᠤ᠂ ᠪᠣᠯᠪᠠᠰᠤᠷᠠᠬᠤ ᠪᠠ ᠨᠡᠶᠢᠭᠡᠮ ᠤᠨ ᠬᠠᠷᠢᠯᠴᠠᠭᠠᠨ ᠤ ᠠᠵᠢᠯᠯᠠᠭ᠎ᠠ ᠶᠢᠨ ᠨᠥᠯᠥᠭᠡ ᠨᠢ ᠬᠠᠮᠤᠭ ᠤᠨ ᠶᠡᠭᠡ | ᠪᠠᠶᠢᠵᠤ᠂ ᠡᠭᠦᠨ ᠤ ᠳᠣᠲᠣᠷᠠᠬᠢ ᠠᠯᠢ ᠨᠢᠭᠡ ᠨᠢ ᠴᠦ ᠴᠥᠮ ᠭᠠᠩᠰᠠᠷᠠᠬᠤ ᠡᠪᠡᠳᠴᠢᠨ ᠤ ᠲᠦᠭᠰᠢᠭᠦᠷᠢ ᠶᠢᠨ 20% ᠪᠠᠷ ᠪᠠᠭᠤᠷᠠᠭᠰᠠᠨ ᠲᠠᠢ | ᠬᠤᠯᠪᠣᠭ᠎ᠠ ᠲᠠᠢ᠃ | |