ᠮᠤᠨᠠ ᠠᠭᠤᠯᠠ ᠪᠠᠯᠭᠠᠰᠣ ︽ᠣᠶ ᠶᠢᠨ ᠳᠠᠷᠤᠭ᠎ᠠ ᠶᠢᠨ ᠲᠦᠷᠢᠮ︾ ᠢ ᠰᠠᠶᠢᠲᠣᠷ ᠬᠡᠷᠡᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2023/10/16
   ᠣᠶᠢᠲᠤ ᠭᠠᠵᠠᠷ ᠤᠨ ᠠᠮᠢ ᠠᠬᠤᠶ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠬᠦᠯᠦᠨ᠂  ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠤᠰᠤ ᠮᠥᠨ︾  ᠭᠡᠬᠦ ᠠᠮᠢ ᠠᠬᠤᠶ ᠶᠢᠨ ᠣᠶᠢᠯᠠᠭᠠᠭᠳᠠᠬᠤᠨ ᠢ ᠪᠣᠶ  ᠪᠣᠯᠭᠠᠵᠤ᠂ ᠮᠣᠨᠠ ᠠᠭᠤᠯᠠ ᠪᠠᠯᠭᠠᠰᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠤᠨ᠂ ᠬᠥᠬᠡᠮᠳᠦᠭ ᠨᠣᠭᠤᠭᠠᠨ ᠠᠭᠤᠯᠠ ᠤᠰᠤ ᠲᠠᠢ᠂ ᠠᠷᠢᠭᠤᠨ ᠴᠡᠪᠡᠷ ᠠᠭᠤᠷ ᠠᠮᠢᠰᠬᠤᠯ ᠲᠠᠢ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠨᠥᠬᠦᠴᠡᠯ ᠢ ᠪᠣᠶ  ᠪᠣᠯᠭᠠᠬᠤ ᠶᠢᠨ ᠲᠦᠯᠦᠭᠡ ᠂  ᠣᠶᠢᠷ᠎ᠠ ᠳᠤ᠂  ᠮᠣᠨᠠ ᠠᠭᠤᠯᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠥᠬᠦ ᠪᠠᠯᠭᠠᠰᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠠᠬᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠠᠵᠢᠯ ᠢ ᠢᠳᠡᠪᠬᠢᠲᠡᠶ ᠥᠷᠨᠢᠭᠦᠯᠵᠦ᠂ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠦᠨᠡᠨ ᠬᠦ ᠪᠠᠳᠠᠷᠠᠭᠤᠯᠵᠤ᠂  ᠮᠣᠨᠠ ᠠᠭᠤᠯᠠ ᠪᠠᠯᠭᠠᠰᠤᠨ ᠤ ᠬᠥᠬᠡᠮᠳᠦᠭ ᠨᠣᠭᠤᠭᠠᠨ ᠠᠭᠤᠯᠠ ᠤᠰᠤ ᠶᠢ ᠴᠣᠭᠴᠠᠯᠠᠬᠤ ᠳᠤ ᠪᠠᠲᠤᠯᠠᠭ᠎ᠠ ᠬᠠᠩᠭᠠᠪᠠ᠃    ᠲᠣᠰ ᠪᠠᠯᠭᠠᠰᠤᠨ ᠤ ᠬᠠᠷᠢᠭᠤᠴᠠᠯᠭᠠᠲᠠᠳ ᠠᠴᠠ ᠲᠤᠬᠠᠶ ᠶᠢᠨ ᠭᠠᠵᠠᠷ ᠲᠤᠨᠢ ᠬᠦᠷᠴᠣ ᠪᠠᠶᠢᠴᠠᠭᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠶ ᠶᠢᠨ ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠤᠨ ᠪᠠᠶᠢᠭᠤᠯᠤᠯᠲᠠ᠂ ᠲᠦᠷᠢᠮ ᠤᠨ ᠪᠠᠶᠢᠭᠤᠯᠤᠯᠲᠠ᠂ ᠲᠣᠭᠤᠷᠢᠨ ᠪᠠᠶᠢᠴᠠᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠲᠤᠤᠷᠵᠢᠭᠤᠯᠤᠭᠰᠠᠨ ᠬᠠᠮᠢᠶᠠᠷᠤᠯᠲᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠪᠠ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ ᠵᠢᠯᠣᠭᠤᠳᠪᠠ᠃ ᠲᠣᠰᠬᠤᠨ ᠤ ᠣᠢ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠵᠢᠷᠤᠮᠵᠢᠯᠲᠠ ᠪᠠ ᠣᠯᠤᠭᠰᠠᠨ ᠦᠷ᠎ᠡ ᠪᠦᠲᠦᠮᠵᠢ ᠶᠢ  ᠬᠦᠢᠴᠡᠳ ᠨᠤᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠵᠢᠭᠠᠵᠤ ᠭᠠᠷᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠬᠢᠵᠦ᠂ ᠨᠡᠶᠢᠲᠡ ᠶᠢᠨ ᠠᠰᠠᠷᠠᠮᠵᠢ ᠶᠢᠨ ᠣᠶ ᠶᠢᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠶ ᠮᠣᠳᠣ ᠶᠢ ᠡᠪᠳᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠬᠡᠷᠡᠭᠲᠡᠶ ᠭᠡᠵᠦ  ᠰᠠᠨᠠᠭᠤᠯᠪᠠ᠃   ᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠬᠤ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂  ᠪᠠᠰᠠ ᠴᠣ᠋ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠰᠠᠶᠢᠲᠤᠷ ᠦᠢᠯᠡᠳᠦᠯᠭᠡᠵᠢᠭᠦᠯᠬᠦ ᠪᠣᠳᠠᠲᠠᠢ ᠢᠯᠡᠷᠡᠯ ᠮᠥᠨ᠂ ᠲᠠᠷᠠᠭᠠᠴᠢ ᠶᠢᠨ ᠠᠯᠬᠤᠮ ᠳᠤ᠂ ᠮᠤᠨᠠ ᠠᠭᠤᠯᠠ ᠪᠠᠯᠭᠠᠰᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠣᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠳᠤ ᠲᠠᠰᠤᠷᠠᠯᠲᠠ ᠥᠬᠡᠶ ᠬᠦᠴᠦᠨ ᠨᠡᠮᠡᠷᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤ ᠪᠠᠷ ᠰᠠᠬᠢᠨ ᠬᠠᠮᠠᠭᠠᠯᠠᠵᠤ᠂ ᠪᠣᠬᠢᠷᠲᠤᠯ ᠥᠬᠡᠶ ᠬᠥᠭᠵᠢᠯᠲᠡ ᠶᠢᠨ ᠠᠮᠢ ᠠᠬᠤᠶ ᠶᠢᠨ ᠬᠠᠯᠬᠠᠪᠴᠢ ᠶᠢ ᠪᠠᠲᠤ ᠴᠣᠭᠴᠠᠯᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ