ᠮᠢᠩᠭᠠᠨ ᠪᠠᠯᠭᠠᠰᠤ᠄ ᠬᠡᠪᠴᠢᠶᠡᠵᠢᠭᠰᠡᠨ ᠬᠢᠲᠠᠳ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠵᠤ ᠪᠣᠢ
ᠨᠡᠶᠢᠲᠡᠯᠡᠭᠰᠡᠨ ᠴᠠᠭ᠄
2023/10/17
       ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤ ᠨᠢ ᠬᠢᠲᠠᠳ ᠡᠮ ᠤᠨ ᠮᠠᠲ᠋ᠧᠷᠢᠶᠠᠯ ᠤᠨ  ᠰᠢᠶᠠᠩ ᠪᠣᠯᠤᠭᠰᠠᠨ ᠪᠠᠶᠢᠨ᠎ᠠ᠃ ᠰᠠᠯᠬᠢ ᠶᠢ ᠰᠡᠷᠭᠡᠶᠢᠯᠡᠵᠦ ᠭᠦᠢᠲᠡᠨ ᠢ ᠳᠠᠭᠠᠭᠠᠬᠤ᠂ ᠭᠠᠩ ᠬᠠᠭᠤᠷᠠᠶ ᠶᠢ ᠳᠠᠭᠠᠭᠠᠬᠤ ᠴᠢᠳᠠᠪᠬᠢ ᠲᠠᠢ  ᠪᠦᠭᠡᠳ ᠮᠢᠩᠭᠠᠨ ᠪᠠᠯᠭᠠᠰᠤᠨ ᠳᠤ ᠯᠠ ᠪᠠᠶᠢᠳᠠᠭ ᠡᠯᠡᠰᠦᠷᠬᠡᠭ ᠬᠥᠷᠥᠰᠥᠨ ᠤ ᠬᠡᠷᠡᠯ ᠤᠨ ᠲᠤᠰᠤᠯᠲᠠ  ᠭᠦᠢᠴᠡᠳ ᠵᠡᠷᠭᠡ ᠣᠨᠴᠠᠯᠢᠭ ᠨᠢ ᠬᠢᠲᠠᠳ ᠡᠮ ᠤᠨ ᠮᠠᠲ᠋ᠧᠷᠢᠶᠠᠯ ᠳᠠᠷᠢᠬᠤ ᠳᠤ ᠮᠠᠰᠢ ᠲᠣᠬᠢᠷᠠᠮᠵᠢᠲᠠᠶ ᠪᠠᠶᠢᠳᠠᠭ᠃ ᠡᠭᠦᠨ ᠤ ᠬᠠᠮᠲᠤ᠂ ᠤᠰᠤ ᠠᠷᠪᠢᠯᠠᠬᠤ ᠲᠠᠷᠢᠮᠠᠯ ᠤᠨ ᠲᠠᠯᠠᠪᠠᠶ ᠶᠢ ᠥᠷᠭᠡᠳᠬᠡᠵᠦ᠂ ᠲᠠᠷᠢᠮᠠᠯ ᠤᠨ ᠤᠨᠠᠯᠲᠠ ᠶᠢ ᠪᠠᠲᠤᠯᠠᠵᠤ᠂ ᠲᠠᠷᠢᠶᠠᠴᠢᠳ ᠤᠨ ᠠᠰᠢᠭ ᠣᠷᠣᠯᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ᠂ ᠮᠢᠩᠭᠠᠨ ᠪᠠᠯᠭᠠᠰᠤᠨ ᠤ ᠮᠤᠤ ᠱᠧᠩ ᠶᠧ ᠲᠠᠷᠢᠶᠠᠯᠠᠩ ᠤᠨ ᠠᠷᠠᠯᠵᠢᠶᠠᠨ ᠤ ᠬᠤᠷᠰᠢᠶ᠎ᠠ ᠨᠢ ᠥᠷᠭᠡᠨ ᠣᠯᠠᠨ ᠲᠠᠷᠢᠮᠠᠯ ᠤᠨ ᠡᠷᠦᠬᠡ ᠶᠢᠨ ᠰᠠᠯᠬᠢ ᠶᠢ ᠰᠡᠷᠭᠡᠶᠢᠯᠡᠵᠦ ᠴᠢᠬᠢ ᠪᠤᠶᠢᠵᠢᠭᠤᠯᠬᠤ ᠰᠢᠯᠵᠢᠭᠦᠯᠦᠨ ᠵᠠᠶᠢᠯᠠᠬᠤ ᠶᠢ ᠢᠳᠡᠪᠬᠢᠲᠡᠶ ᠵᠣᠷᠢᠭᠵᠢᠭᠤᠯᠵᠤ᠂ ᠲᠤᠬᠠᠶ ᠶᠢᠨ ᠭᠠᠵᠠᠷ ᠤᠨ ᠬᠢᠲᠠᠳ ᠡᠮ ᠤᠨ ᠮᠠᠲ᠋ᠧᠷᠢᠶᠠᠯ ᠤᠨ ᠣᠯᠠᠨ ᠡᠰᠢᠵᠢᠭᠰᠡᠨ ᠬᠥᠭᠵᠢᠯᠲᠡ ᠶᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠮᠢᠩᠭᠠᠨ ᠪᠠᠯᠭᠠᠰᠤᠨ ᠤ ᠪᠦᠯᠦᠭᠵᠢᠭᠰᠡᠨ᠂ ᠬᠡᠪᠴᠢᠶᠡᠵᠢᠭᠰᠡᠨ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃       ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤᠨ ᠤ  ᠮᠢᠩᠭᠠᠨ ᠪᠠᠯᠭᠠᠰᠤ ᠬᠢᠲᠠᠳ ᠡᠮ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠷᠠᠭᠤᠯ ᠢᠷᠡᠭᠡᠳᠦᠶ ᠶᠢ ᠠᠳᠬᠤᠵᠤ᠂ ᠪᠠᠯᠭᠠᠰᠤᠨ ᠤ ᠲᠠᠰ ᠤᠨ ᠬᠤᠨᠴᠢᠷ ᠤᠨ ᠠᠵᠤ  ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠢᠭᠡᠳᠦᠯᠲᠡᠶ ᠲᠥᠯᠥᠪᠵᠢᠭᠦᠯᠬᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠥᠭᠵᠢᠯᠲᠡ ᠶᠢᠨ ᠦᠢᠯᠡᠴᠢᠯᠡᠭᠡ ᠬᠠᠩᠭᠠᠬᠤ ᠵᠡᠷᠭᠡ ᠠᠵᠢᠯ ᠢ ᠬᠠᠷᠢᠭᠤᠴᠠᠪᠠ᠃ ᠯᠢᠦ ᠹᠧᠨ ᠽᠢ ᠲᠣᠰᠬᠤᠨ ᠢᠶᠠᠷ ᠬᠥᠲᠥᠴᠢ ᠪᠣᠯᠭᠠᠵᠤ᠂ ᠱᠢ ᠢ ᠽᠢ ᠲᠣᠰᠬᠤᠨ᠂ ᠮᠤᠤ ᠵᠢᠶᠠ ᠭᠧ ᠳ᠋ᠦ᠋ ᠲᠣᠰᠬᠤᠨ ᠵᠡᠷᠭᠡ 8 ᠲᠣᠰᠬᠤᠨ ᠢᠶᠠᠷ ᠲᠦᠰᠢᠭ ᠪᠣᠯᠭᠠᠵᠤ᠂ ᠬᠤᠨᠴᠢᠷ ᠤᠨ ᠠᠵᠤ ᠦᠢᠯᠡᠰ ᠤᠨ ᠬᠠᠮᠲᠤᠷᠠᠭᠰᠠᠨ ᠨᠠᠮ ᠤᠨ ᠡᠭᠦᠷ ᠢ ᠪᠠᠶᠢᠭᠤᠯᠵᠤ᠂ ᠨᠢᠭᠡᠳᠦᠯᠲᠡᠶ ᠬᠤᠳᠠᠯᠳᠤᠨ ᠠᠪᠴᠤ ᠨᠢᠭᠡᠳᠦᠯᠲᠡᠶ ᠪᠣᠷᠣᠯᠠᠭᠤᠯᠬᠤ᠂ ᠮᠡᠷᠭᠡᠵᠢᠯ ᠤᠨ ᠵᠢᠯᠣᠭᠤᠳᠣᠯᠭ᠎ᠠ ᠬᠢᠬᠦ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠭᠤᠤᠯ ᠠᠭᠤᠯᠭ᠎ᠠ ᠪᠣᠯᠭᠠᠭᠰᠠᠨ ᠲᠠᠷᠢᠮᠠᠯ ᠤᠨ ᠬᠡᠯᠬᠢᠶ᠎ᠡ ᠶᠢ ᠬᠦᠴᠦᠯᠡᠨ ᠪᠠᠶᠢᠭᠤᠯᠵᠤ᠂ ᠬᠤᠨᠴᠢᠷ ᠢᠶᠠᠷ ᠭᠤᠤᠯ ᠪᠣᠯᠭᠠᠭᠰᠠᠨ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠬᠡᠪᠴᠢᠶ᠎ᠡ ᠶᠢ ᠵᠠᠯᠭᠠᠯᠳᠤᠭᠤᠯᠤᠨ᠂ ᠪᠥᠭᠡᠮᠨᠡᠷᠡᠭᠦᠯᠬᠦ ᠶᠢ ᠠᠬᠢᠭᠤᠯᠪᠠ᠃ ᠤᠯᠤᠰ ᠤᠨ ᠳᠣᠲᠣᠭᠠᠳᠤ ᠶᠢᠨ ᠨᠡᠷᠡᠲᠦ ᠡᠮ ᠤᠨ ᠠᠵᠤ ᠠᠬᠤᠶᠢᠯᠠᠯ ᠬᠢᠭᠡᠳ ᠨᠤᠲᠤᠭ ᠤᠨ ᠲᠢᠶᠠᠨ ᠾᠧᠩ ᠡᠮ ᠦᠢᠯᠡᠳᠬᠦ᠂ ᠮᠤᠤ ᠱᠧᠩ ᠲᠠᠷᠢᠶᠠᠯᠠᠩ ᠤᠨ ᠠᠷᠠᠯᠵᠢᠶᠠᠨ ᠤ ᠲᠤᠰᠬᠠᠶ ᠬᠤᠷᠰᠢᠶ᠎ᠠ ᠯᠤᠭ᠎ᠠ ᠶᠢᠨ ᠭᠦᠨᠵᠡᠭᠡᠶ ᠬᠤᠷᠰᠢᠯᠴᠠᠭ᠎ᠠ ᠶᠢ ᠢᠳᠡᠪᠬᠢᠲᠡᠶ ᠪᠠᠷ ᠣᠷᠣᠭᠤᠯᠵᠤ ᠢᠷᠡᠬᠦ ᠪᠠ ᠲᠦᠯᠬᠢᠨ ᠠᠬᠢᠭᠤᠯᠵᠤ᠂ ᠬᠢᠲᠠᠳ ᠡᠮ ᠤᠨ  ᠮᠠᠲ᠋ᠧᠷᠢᠶᠠᠯ ᠲᠠᠷᠢᠬᠤ ᠰᠠᠭᠤᠷᠢᠨ ᠭᠠᠵᠠᠷ ᠢ ᠪᠤᠶ  ᠪᠣᠯᠭᠠᠪᠠ᠃ ︽ᠨᠠᠮ ᠤᠨ ᠡᠭᠦᠷ + ᠳᠠᠭᠠᠭᠤᠯᠤᠭᠴᠢ ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ︾ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ ᠪᠠᠯᠠ ᠮᠥᠩᠭᠦ ᠶᠢ ᠭᠦᠢᠴᠡᠳ ᠰᠠᠶᠢᠲᠤᠷ ᠬᠡᠷᠡᠭᠯᠡᠨ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠪᠠ ᠲᠠᠷᠢᠶᠠᠴᠢᠨ ᠡᠷᠦᠬᠡ ᠶᠢᠨ ︽ᠡᠮ︾ ᠢᠶᠠᠷ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠵᠤ᠂  ᠮᠢᠩᠭᠠᠨ ᠤ ᠬᠢᠲᠠᠳ ᠡᠮ ᠤᠨ ᠮᠠᠲ᠋ᠧᠷᠢᠶᠠᠯ ᠤᠨ ︽ᠡᠮ︾ ᠤᠨ ᠰᠠᠭᠤᠷᠢᠨ ᠭᠠᠵᠠᠷ ᠭᠡᠬᠦ ᠡᠨᠡ ᠬᠦ ᠠᠯᠲᠠᠨ ᠦᠰᠦᠭᠲᠦ ᠫᠠᠶᠢᠰᠠ ᠶᠢ ᠭᠡᠷᠡᠯᠲᠦᠭᠦᠯᠦᠨ᠎ᠡ᠃       ᠣᠯᠠᠨ ᠵᠢᠯ ᠤᠨ ᠲᠤᠷᠰᠢᠬᠢ ᠨᠠᠷᠠᠲᠤ ᠲᠡᠮᠳᠡᠭ ᠤᠨ ᠪᠥᠲᠥᠭᠡᠨ ᠪᠠᠶᠢᠭᠤᠯᠤᠯᠲᠠ ᠪᠠᠷ ᠳᠡᠮᠵᠢᠨ᠂ 2021 ᠣᠨ ᠳᠤ ᠯᠢᠦ ᠹᠧᠨ ᠽᠢ ᠲᠣᠰᠬᠤᠨ ︵ᠬᠤᠨᠴᠢᠷ︶ ᠥᠪᠡᠷᠲᠡᠭᠡᠨ ᠵᠠᠰᠠᠬᠤ ᠣᠷᠣᠨ ᠤ ︽ᠨᠢᠭᠡ ᠲᠣᠰᠬᠤᠨ ᠨᠢᠭᠡ  ᠦᠢᠯᠡᠳᠭᠦᠨ︾ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠪᠠᠷ ᠦᠨᠡᠯᠡᠭᠳᠡᠪᠡ︔ 2022 ᠣᠨ ᠳᠤ ᠯᠢᠦ ᠹᠧᠨ ᠽᠢ ᠲᠣᠰᠬᠤᠨ ︵ᠬᠤᠨᠴᠢᠷ︶ ᠠᠷᠪᠠᠨ ᠬᠤᠶᠠᠳᠤᠭᠠᠷ ᠪᠦᠯᠦᠭ ᠤᠨ ᠪᠥᠬᠦ ᠤᠯᠤᠰ ᠤᠨ ︽ᠨᠢᠭᠡ ᠲᠣᠰᠬᠤᠨ ᠨᠢᠭᠡ  ᠦᠢᠯᠡᠳᠭᠦᠨ︾ ᠤ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ ᠣᠳᠣᠬᠠᠨ ᠳᠤ᠂ ᠮᠢᠩᠭᠠᠨ ᠪᠠᠯᠭᠠᠰᠤ ᠨᠢᠭᠡᠨᠲᠡ ᠬᠤᠨᠴᠢᠷ᠂ ᠱᠦᠭᠦᠷᠭᠡᠨ᠎ᠡ᠂ ᠭᠦᠷᠭᠦᠮ ᠵᠡᠷᠭᠡ 7 ᠲᠥᠷᠥᠯ ᠤᠨ ᠬᠢᠲᠠᠳ ᠡᠮ ᠤᠨ ᠮᠠᠲ᠋ᠧᠷᠢᠶᠠᠯ ᠢ ᠲᠤᠷᠰᠢᠨ ᠳᠠᠷᠢᠵᠤ᠂ 70000 ᠮᠥ ᠲᠠᠷᠢᠮᠠᠯ ᠤᠨ ᠲᠠᠯᠠᠪᠠᠶ ᠶᠢ ᠨᠥᠯᠥᠭᠡᠯᠡᠨ ᠳᠠᠶᠢᠴᠢᠯᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ