ᠰᠢᠨ᠎ᠡ ᠰᠤᠳᠤᠯᠭᠠᠨ᠄ ᠨᠠᠰᠤᠲᠠᠶᠢᠴᠤᠳ ᠳᠤᠷ᠎ᠠ ᠰᠣᠨᠢᠷᠬᠠᠯ ᠲᠠᠢ ᠵᠦᠢᠯ ᠪᠠᠶᠢᠪᠠᠯ ᠠᠮᠠᠷᠬᠠᠨ ᠭᠠᠩᠰᠠᠷᠠᠬᠤ ᠥᠬᠡᠶ᠂ ᠨᠠᠩ ᠣᠷᠳᠣ ᠨᠠᠰᠤᠯᠠᠨ᠎ᠠ
ᠨᠡᠶᠢᠲᠡᠯᠡᠭᠰᠡᠨ ᠴᠠᠭ᠄
2023/10/18
   ᠡᠷᠡᠭᠦᠯ ᠴᠢᠭᠢᠷᠠᠭ ᠵᠣᠯ ᠵᠢᠷᠭᠠᠯ ᠪᠣᠯ ᠬᠥᠮᠦᠰ ᠤᠨ ᠠᠮᠢᠳᠤᠷᠠᠯ ᠳᠤ ᠬᠠᠮᠤᠭ ᠤᠨ ᠳᠥᠭᠦᠮ ᠮᠥᠷᠲᠡᠭᠡᠨ ᠬᠠᠮᠤᠭ ᠤᠨ ᠰᠠᠶᠢᠨ ᠰᠠᠶᠢᠬᠠᠨ ᠬᠠᠷᠠᠯᠲᠠ ᠶᠢᠨ ᠨᠢᠭᠡ᠃ ᠡᠷᠡᠭᠦᠯ ᠴᠢᠭᠢᠷᠠᠭ ᠵᠣᠯ ᠵᠢᠷᠭᠠᠯ ᠲᠠᠢ ᠨᠢᠭᠡ ᠨᠠᠰᠤ ᠶᠢ ᠥᠩᠭᠡᠷᠡᠭᠡᠬᠦ ᠳᠤ᠂ ᠶᠠᠮᠠᠷ ᠡᠯᠧᠮᠧᠨ᠋ᠲ ᠨᠢ ᠨᠠᠩ ᠴᠢᠬᠤᠯᠠ ᠪᠤᠢ︖ ᠲᠦᠷᠦᠭᠦᠬᠡᠨ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠯᠪᠠᠨ ᠰᠦᠯᠵᠢᠶ᠎ᠡ ᠨᠢ ᠡᠷᠬᠡ ᠰᠦᠷᠲᠦ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠪᠠᠶᠢᠭᠠᠯᠢ︾ ᠰᠡᠳᠬᠦᠯ ᠳᠤ ᠰᠢᠯᠵᠢᠭᠦᠯᠦᠨ ᠨᠡᠶᠢᠲᠡᠯᠡᠭᠰᠡᠨ ᠨᠢᠭᠡᠨ ᠰᠤᠳᠤᠯᠭᠠᠨ ᠤ ᠰᠠᠨᠠᠭᠤᠯᠤᠮᠵᠢ ᠶᠢ ᠨᠡᠶᠢᠲᠡᠯᠡᠪᠡ᠂ ᠬᠥᠮᠦᠨ ᠥᠲᠡᠯᠪᠡᠯ ᠳᠤᠷ᠎ᠠ ᠪᠠᠬ᠎ᠠ ᠲᠠᠢ ᠪᠠᠶᠢᠬᠤ ᠬᠡᠷᠡᠭᠲᠡᠶ᠂ ᠵᠥᠪᠬᠡᠨ ᠨᠢᠭᠡ ᠯᠡ ᠪᠠᠶᠢᠬᠰᠠᠨ ᠴᠦ ᠪᠤᠯᠤᠨ᠎ᠠ᠃ ᠤᠴᠢᠷ ᠨᠢ ᠳᠤᠷ᠎ᠠ ᠪᠠᠬ᠎ᠠ ᠲᠠᠢ ᠨᠠᠰᠤᠲᠠᠨ ᠠᠮᠠᠷᠬᠠᠨ ᠭᠠᠩᠰᠠᠷᠠᠬᠤ ᠦᠭᠡᠢ᠂ ᠨᠠᠩ ᠡᠷᠡᠭᠦᠯ ᠴᠢᠭᠢᠷᠠᠭ ᠤᠷᠲᠤ ᠨᠠᠰᠤᠯᠠᠨ᠎ᠠ᠃   ᠲᠣᠰ ᠰᠤᠳᠤᠯᠭᠠᠨ ᠢ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠪᠠᠶᠢᠭᠠᠯᠢ · ᠠᠨᠠᠭᠠᠬᠤ ᠤᠬᠠᠭᠠᠨ︾ ᠳᠡᠭᠡᠷ᠎ᠡ ᠨᠡᠶᠢᠲᠡᠯᠡᠪᠡ᠃ ᠰᠤᠳᠤᠯᠤᠭᠴᠢᠳ 16 ᠤᠯᠤᠰ ᠤᠨ 9 ᠲᠦᠮᠡ ᠭᠠᠷᠤᠶ ᠨᠠᠰᠤᠲᠠᠶᠢᠴᠤᠳ ᠤᠨ ᠲᠤᠭ᠎ᠠ ᠪᠠᠷᠢᠮᠲᠠ ᠳᠤ ᠵᠠᠳᠠᠯᠤᠯᠲᠠ ᠬᠢᠵᠦ᠂ ᠬᠥᠮᠦᠰ ᠨᠠᠰᠤ ᠠᠭᠢᠭᠰᠠᠨ ᠴᠤ ᠠᠵᠢᠯ ᠤᠨ ᠴᠢᠯᠥᠭᠡᠨ ᠤ ᠳᠤᠷ᠎ᠠ ᠰᠣᠨᠢᠷᠬᠠᠯ ᠲᠠᠢ ᠪᠠᠶᠢᠬᠤ ᠶᠢᠨ ᠴᠢᠬᠤᠯᠠ ᠴᠢᠨᠠᠷ ᠢ ᠵᠢᠭᠠᠵᠤ ᠭᠠᠷᠭᠠᠪᠠ᠃ ᠵᠠᠳᠠᠯᠤᠯᠲᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠳᠤᠷ᠎ᠠ ᠰᠣᠨᠢᠷᠬᠠᠯ ᠨᠢ ᠨᠡᠯᠢᠶᠡᠳ ᠪᠠᠭ᠎ᠠ ᠭᠠᠩᠰᠠᠷᠠᠬᠤ ᠡᠪᠡᠳᠴᠢᠨ ᠤ ᠢᠯᠡᠷᠡᠯ᠂ ᠨᠠᠩ ᠥᠨᠳᠥᠷ ᠬᠢᠷᠢ ᠲᠦᠪᠰᠢᠨ ᠪᠥᠬᠦᠶ ᠥᠪᠡᠷ ᠤᠨ ᠪᠡᠶ᠎ᠡ ᠶᠢᠨ ᠡᠷᠡᠭᠦᠯ ᠮᠡᠨᠳᠦ᠂ ᠵᠣᠯ ᠵᠢᠷᠭᠠᠯᠲᠤ ᠰᠡᠳᠭᠢᠯᠭᠡ ᠪᠠ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠲᠠᠢ ᠬᠤᠯᠪᠣᠭ᠎ᠠ ᠲᠠᠢ᠃ ᠬᠤᠷᠸ᠎ᠠ ᠲᠠᠯ᠎ᠠ ᠠᠴᠠ ᠠᠪᠴᠤ ᠬᠡᠯᠡᠪᠡᠯ᠂ ᠳᠤᠷ᠎ᠠ ᠰᠣᠨᠢᠷᠬᠠᠯ ᠤᠨ ᠲᠦᠭᠡᠮᠡᠯ ᠴᠢᠨᠠᠷ ᠨᠢ ᠪᠠᠰᠠ ᠠᠷᠠᠳ ᠢᠷᠭᠡᠳ ᠤᠨ ᠵᠣᠯ ᠵᠢᠷᠭᠠᠯ ᠤᠨ ᠬᠢᠷᠢ ᠲᠦᠪᠰᠢᠨ ᠪᠠ ᠵᠢᠱᠢᠭᠰᠡᠨ ᠨᠠᠰᠤᠨ ᠬᠤᠲᠤᠭ ᠲᠠᠢ ᠬᠤᠯᠪᠣᠭ᠎ᠠ ᠲᠠᠢ ᠶᠤᠮ᠃ᠰᠤᠳᠤᠯᠭᠠᠲᠠᠳ ᠤᠨ ᠰᠠᠨᠠᠭᠤᠯᠤᠭᠰᠠᠨ ᠢᠶᠠᠷ᠂ ᠠᠳᠡ ᠬᠡᠯᠡᠵᠦ ᠪᠠᠶᠢᠭ᠎ᠠ ︽ᠳᠤᠷ᠎ᠠ ᠪᠠᠬ᠎ᠠ︾ ᠭᠡᠳᠡᠭ ᠨᠢ ᠬᠥᠮᠦᠰ ᠤᠨ ᠰᠤᠯᠠ ᠰᠡᠯᠡᠭᠦᠦ ᠴᠠᠭ ᠲᠠᠭᠠᠨ ᠬᠢᠬᠦ ᠵᠤᠭ᠎ᠠ ᠴᠡᠩᠭᠡᠯ ᠤᠨ ᠠᠵᠢᠯᠯᠠᠭ᠎ᠠ᠂ ᠵᠢᠱᠢᠶᠡᠯᠡᠪᠡᠯ ᠤᠷᠠᠯᠢᠭ ᠤᠷᠤᠯᠳᠤᠬᠤ᠂ ᠭᠠᠷ ᠤᠷᠠᠯᠠᠯ ᠬᠢᠬᠦ᠂ ᠨᠣᠮ ᠤᠩᠰᠢᠬᠤ᠂ ᠲᠣᠭᠯᠠᠭᠠᠮ ᠨᠠᠭᠠᠳᠬᠤ᠂ ᠬᠥᠳᠡᠯᠭᠡᠭᠡᠨ ᠬᠢᠬᠦ᠂ ᠴᠡᠴᠡᠷᠯᠢᠭ ᠤᠨ ᠤᠷᠠᠯᠢᠭ ᠬᠢᠬᠦ᠂ ᠰᠠᠶᠢᠨ ᠳᠤᠷ᠎ᠠ ᠶᠢᠨ ᠦᠢᠯᠡᠴᠢᠯᠡᠭᠡ ᠬᠢᠬᠦ᠂ ᠡᠯ᠎ᠡ ᠵᠦᠢᠯ ᠤᠨ ᠨᠡᠶᠢᠭᠡᠮᠯᠢᠭ / ᠺᠯᠦᠪ ᠲᠤ ᠤᠷᠤᠯᠴᠠᠬᠤ ᠵᠡᠷᠭᠡ ᠠᠵᠢᠯᠯᠠᠭ᠎ᠠ ᠪᠣᠯᠤᠨ᠎ᠠ᠃ ᠡᠳᠡᠭᠡᠷ ᠠᠵᠢᠯᠯᠠᠭᠠᠨ ᠨᠢ᠂ ᠬᠥᠮᠦᠰ ᠤᠨ ᠲᠥᠰᠦᠭᠡᠯᠡᠬᠦᠢ ᠴᠢᠳᠠᠪᠤᠷᠢ ᠪᠠ ᠡᠭᠦᠳᠦᠨ ᠪᠦᠲᠦᠭᠡᠬᠦ ᠴᠢᠳᠠᠪᠤᠷᠢ ᠶᠢ ᠬᠥᠭᠵᠢᠭᠡᠵᠦ᠂ ᠰᠡᠷᠡᠯ ᠤᠨ ᠡᠷᠬᠡᠲᠡᠨ ᠪᠠ ᠲᠠᠨᠢᠨ ᠮᠡᠳᠡᠬᠦᠢ ᠳᠤ ᠰᠡᠳᠡᠯᠲᠡ ᠥᠭᠴᠦ᠂ ᠬᠤᠪᠢ ᠬᠥᠮᠦᠨ ᠤ ᠥᠪᠡᠷ ᠢ ᠪᠠᠨ ᠢᠯᠡᠳᠭᠡᠬᠦ ᠶᠢ ᠠᠬᠢᠭᠤᠯᠳᠠᠭ᠃ ᠨᠡᠶᠢᠭᠡᠮ ᠤᠨ ᠬᠠᠷᠢᠯᠴᠠᠭᠠᠨ ᠤ ᠰᠢᠨᠵᠢ ᠴᠢᠨᠠᠷ ᠲᠠᠢ ᠠᠵᠢᠯᠯᠠᠭ᠎ᠠ ᠳᠤ ᠣᠷᠣᠯᠴᠠᠬᠤ ᠨᠢ ᠪᠠᠰᠠ ᠨᠡᠶᠢᠭᠡᠮ ᠤᠨ ᠳᠡᠮᠵᠢᠯᠭᠡ ᠶᠢ ᠬᠠᠩᠭᠠᠵᠤ᠂ ᠭᠠᠭᠴᠠᠭᠠᠷᠳᠠᠬᠤ ᠰᠡᠳᠭᠢᠯᠭᠡ ᠪᠠ ᠨᠡᠶᠢᠭᠡᠮ ᠤᠨ ᠭᠠᠭᠴᠠᠭᠠᠷᠳᠠᠬᠤ ᠰᠡᠳᠭᠢᠯᠭᠡ ᠶᠢ ᠪᠠᠭᠠᠰᠬᠠᠵᠤ ᠴᠢᠳᠠᠨ᠎ᠠ᠃    ᠲᠣᠰ ᠰᠤᠳᠤᠯᠭᠠᠨ ᠤ ᠲᠤᠭ᠎ᠠ ᠪᠠᠷᠢᠮᠲᠠ ᠨᠢ 5 ᠲᠣᠮᠣ ᠬᠡᠯᠪᠡᠷᠢ ᠶᠢᠨ ᠡᠩᠨᠡᠭᠡ ᠶᠢᠨ ᠰᠤᠳᠤᠯᠭᠠᠨ᠂ ᠠᠩᠭ᠍ᠯᠢ ᠶᠢᠨ ᠨᠠᠰᠤᠵᠢᠯᠲᠠ ᠶᠢᠨ ᠭᠤᠯᠳᠤ ᠴᠢᠭᠯᠡᠯ ᠤᠨ ᠰᠤᠳᠤᠯᠭᠠᠨ ︵ELSA︶᠂ ᠶᠠᠫᠣᠨ ᠤ ᠨᠠᠰᠤᠲᠠᠶᠢᠴᠤᠳ ᠤᠨ ᠰᠤᠳᠤᠯᠤᠯ ᠤᠨ ᠦᠨᠡᠯᠡᠨ ᠵᠢᠱᠢᠬᠦ ᠰᠤᠳᠤᠯᠭᠠᠨ ︵JAGES︶᠂ ᠠᠮᠧᠷᠢᠺᠠ ᠶᠢᠨ ᠡᠷᠡᠭᠦᠯ ᠮᠡᠨᠳᠦ ᠬᠢᠭᠡᠳ ᠠᠵᠢᠯ ᠠᠴᠠ ᠪᠠᠨ ᠠᠮᠠᠷᠠᠬᠤ ᠭᠤᠯᠳᠤ ᠴᠢᠭᠯᠡᠯ ᠤᠨ ᠰᠤᠳᠤᠯᠭᠠᠨ ︵HRS︶᠂ ᠧᠦ᠋ᠷᠣᠫᠠ ᠲᠢᠪ ᠤᠨ ᠡᠷᠡᠭᠦᠯ ᠮᠡᠨᠳᠦ ᠶᠢᠨ ᠨᠠᠰᠤᠵᠢᠯᠲᠠ ᠪᠠ ᠠᠵᠢᠯ ᠠᠴᠠ ᠪᠠᠨ ᠠᠮᠠᠷᠠᠬᠤ ᠪᠠᠶᠢᠴᠠᠭᠠᠯᠲᠠ ︵SHARE︶ ᠪᠠ ᠳᠤᠮᠳᠠᠳᠤ ᠤᠯᠤᠰ ᠤᠨ ᠡᠷᠡᠭᠦᠯ ᠮᠡᠨᠳᠦ ᠬᠢᠭᠡᠳ ᠨᠠᠰᠤᠵᠢᠯ ᠤᠨ ᠠᠰᠠᠷᠠᠮᠵᠢ ᠶᠢᠨ ᠮᠥᠷᠳᠡᠨ ᠪᠠᠶᠢᠴᠠᠭᠠᠯᠲᠠ ︵CHARLS︶ ᠵᠡᠷᠭᠡ ᠠᠴᠠ ᠢᠷᠡᠯᠲᠡ ᠲᠠᠢ ᠪᠠᠶᠢᠵᠤ᠂ ᠳᠤᠮᠳᠠᠳᠤ ᠤᠯᠤᠰ᠂ ᠠᠮᠧᠷᠢᠺᠠ᠂ ᠠᠩᠭ᠍ᠯᠢ᠂ ᠶᠠᠫᠣᠨ᠂ ᠳ᠋ᠠᠨ᠋ᠮᠠᠷᠺ᠂ ᠭᠦ᠋ᠷᠮᠠᠨ᠂ ᠰᠸᠢᠰ᠂ ᠢᠰᠫᠠᠨᠢ ᠵᠡᠷᠭᠡ 16 ᠤᠯᠤᠰ ᠤᠨ ᠣᠷᠣᠯᠴᠠᠭᠴᠢ᠂ ᠠᠳᠠᠯᠢ ᠪᠤᠰᠤ ᠤᠯᠤᠰ ᠤᠨ ᠣᠷᠣᠯᠴᠠᠭᠴᠢ ᠶᠢᠨ ᠳᠤᠮᠳᠠᠴᠢ ᠨᠠᠰᠤ 71.7 — 75.9 ᠶᠢ ᠪᠠᠭᠲᠠᠭᠠᠨ᠎ᠠ᠃ᠶᠡᠷᠦᠩᠬᠡᠶ ᠳᠤᠨᠢ ᠠᠪᠴᠤ ᠬᠡᠯᠡᠪᠡᠯ᠂ ᠤᠷᠮ᠎ᠠ ᠪᠠᠬ᠎ᠠ ᠪᠠ ᠭᠠᠩᠰᠠᠷᠠᠯ ᠤᠨ ᠢᠯᠡᠷᠡᠯ ᠲᠠᠢ ᠪᠠᠶᠢᠬᠤ ᠨᠢ ᠰᠥᠭᠡᠷᠭᠦ ᠢᠯᠡᠷᠡᠯ ᠲᠠᠢ ᠬᠤᠯᠪᠣᠭ᠎ᠠ ᠲᠠᠢ᠂ ᠥᠪᠡᠷ ᠢᠶᠠᠨ ᠮᠡᠳᠡᠭᠦᠯᠬᠦ ᠡᠷᠡᠭᠦᠯ ᠮᠡᠨᠳᠦ ᠶᠢᠨ ᠬᠢᠷᠢ ᠲᠦᠪᠰᠢᠨ᠂ ᠵᠣᠯ ᠵᠢᠷᠭᠠᠯᠲᠤ ᠲᠥᠷᠥᠭᠳᠡᠯ ᠪᠠ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠲᠠᠢ ᠰᠢᠭᠤᠳ ᠬᠤᠯᠪᠣᠭ᠎ᠠ ᠲᠠᠢ ᠶᠤᠮ᠃ ᠬᠤᠷᠸ᠎ᠠ ᠳᠠᠪᠬᠤᠷᠭ᠎ᠠ ᠶᠢᠨ ᠵᠠᠳᠠᠯᠤᠯᠲᠠ ᠠᠴᠠ ᠦᠵᠡᠪᠡᠯ᠂ ᠳᠤᠷ᠎ᠠ ᠪᠠᠬ᠎ᠠ ᠲᠠᠢ ᠬᠥᠮᠦᠰ ᠤᠨ ᠬᠠᠷᠢᠴᠠᠯ ᠨᠢ ᠳᠡᠯᠡᠬᠡᠶ ᠶᠢᠨ ᠵᠣᠯ ᠵᠢᠷᠭᠠᠯ ᠤᠨ ᠵᠢᠭᠠᠯᠲᠠ ᠲᠤᠭ᠎ᠠ ᠤᠨ ᠬᠤᠪᠢ᠂ GDP ᠪᠠᠷ ᠬᠡᠮᠵᠢᠬᠦ ᠤᠯᠤᠰ ᠤᠨ ᠡᠳ᠋ ᠪᠠᠶᠠᠯᠢᠭ ᠪᠠ ᠠᠷᠠᠳ ᠲᠦᠮᠡᠨ ᠤ ᠵᠢᠱᠢᠭᠰᠡᠨ ᠨᠠᠰᠤᠨ ᠬᠤᠲᠤᠭ ᠨᠢ ᠡᠶᠡᠷᠭᠦ ᠬᠤᠯᠪᠣᠭ᠎ᠠ ᠲᠠᠢ ᠪᠠᠶᠢᠵᠤ᠂ ᠺᠢᠨ᠋ᠨᠢ ᠶᠢᠨ ᠵᠢᠭᠠᠯᠲᠠ ᠲᠤᠭ᠎ᠠ ᠲᠠᠢ ᠰᠥᠭᠡᠷᠭᠦ ᠬᠤᠯᠪᠤᠭ᠎ᠠ ᠲᠠᠢ ᠪᠠᠶᠢᠳᠠᠭ᠃    ︵ᠢᠷᠡᠯᠲᠡ᠄ ᠲᠥᠪ ᠷᠠᠳᠢᠣ᠋ ᠶᠢᠨ ᠰᠦᠯᠵᠢᠶ᠎ᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ