ᠪᠦᠬᠦ ᠤᠷᠤᠨ ᠤ 12315 ᠲᠠᠪᠴᠠᠩ ᠬᠡᠷᠡᠭᠯᠡᠭᠴᠢᠳ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠭ᠎ᠠ ᠵᠡᠷᠭᠡ ᠶᠢ ᠨᠡᠶᠢᠲᠡ 5187 ᠬᠤᠪᠢ ᠭᠥᠯᠢᠶᠡᠨ ᠠᠪᠤᠪᠠ
ᠨᠡᠶᠢᠲᠡᠯᠡᠭᠰᠡᠨ ᠴᠠᠭ᠄
2023/10/18
   ᠡᠨᠡ ᠵᠢᠯ ᠤᠨ ︽ᠬᠤᠤᠰ ᠪᠠᠶᠠᠷ︾ ᠤᠨ ᠠᠮᠠᠷᠠᠯᠲᠠ ᠶᠢᠨ ᠬᠤᠭᠤᠴᠠᠭᠠᠨ ᠳᠤ᠂ ᠪᠥᠬᠦ ᠣᠷᠣᠨ ᠤ 12315 ᠲᠠᠪᠴᠠᠩ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠳᠡ᠂ ᠠᠰᠠᠭᠤᠨ ᠯᠠᠪᠯᠠᠭ᠎ᠠ ᠶᠢ ᠨᠡᠶᠢᠲᠡ 5187 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 2.41% ᠪᠠᠷ ᠨᠡᠮᠡᠭᠳᠡᠪᠡ᠃ ᠡᠭᠦᠨ ᠳᠤ ᠵᠠᠭᠠᠯᠳᠤᠯᠭ᠎ᠠ 2235 ᠬᠤᠪᠢ ᠪᠠᠶᠢᠵᠤ᠂ 43.09%  ᠶᠢ ᠡᠵᠡᠯᠡᠪᠡ︔ ᠢᠯᠡᠴᠢᠯᠡᠨ ᠮᠡᠳᠡᠭᠦᠯᠦᠯᠲᠡ 512 ᠪᠠᠶᠢᠵᠤ᠂ 9.87%  ᠶᠢ ᠡᠵᠡᠯᠡᠪᠡ︔ ᠠᠰᠠᠭᠤᠨ ᠯᠠᠪᠯᠠᠭ᠎ᠠ 2440 ᠬᠤᠪᠢ ᠪᠠᠶᠢᠵᠤ᠂ 47.04% ᠢᠢ ᠡᠵᠡᠯᠡᠪᠡ᠃ ᠪᠦᠷᠢᠳᠬᠡᠯ ᠢ ᠦᠨᠳᠦᠰᠦᠯᠡᠪᠡᠯ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠢᠢᠨ ᠡᠮᠦᠨ᠎ᠡ ᠭᠤᠷᠪᠠ ᠳᠤ ᠢᠳᠡᠭᠡᠨ ᠤ ᠲᠥᠷᠥᠯ᠂ ᠢᠳᠡᠭᠡᠨ ᠤᠮᠳᠠᠭᠠᠨ ᠪᠠ ᠬᠤᠨᠤᠭ ᠤᠨ ᠦᠢᠯᠡᠴᠢᠯᠡᠭᠡ᠂ ᠪᠣᠷᠤᠯᠠᠭᠤᠯᠭ᠎ᠠ ᠶᠢᠨ ᠦᠢᠯᠡᠴᠢᠯᠡᠭᠡ ᠵᠢᠭᠰᠠᠭᠠᠭᠳᠠᠵᠤ᠂ ᠲᠤᠰ ᠲᠤᠰ 665 ᠬᠤᠪᠢ᠂ 445 ᠬᠤᠪᠢ᠂ 176 ᠬᠤᠪᠢ ᠪᠣᠯᠣᠨ᠎ᠠ᠃   ︽ᠬᠤᠤᠰ ᠪᠠᠶᠠᠷ︾ ᠤᠨ ᠠᠮᠠᠷᠠᠯᠲᠠ ᠶᠢᠨ ᠬᠤᠭᠤᠴᠠᠭᠠᠨ ᠳᠤ᠂ ᠭᠡᠷ ᠬᠤᠲᠠᠯᠠᠭᠠᠷ ᠢᠶᠠᠨ ᠴᠤᠭᠯᠠᠷᠠᠵᠤ ᠬᠤᠭᠤᠯᠠᠯᠠᠬᠤ᠂ ᠨᠠᠶᠢᠵᠠ ᠨᠦᠬᠦᠳ ᠢᠢᠡᠷ ᠢᠢᠡᠨ ᠨᠠᠷᠬᠢᠨ ᠨᠠᠶᠢᠷᠠᠯᠠᠬᠤ ᠵᠡᠷᠭᠡ ᠨᠢ ᠪᠠᠶᠠᠷ ᠳᠤᠷᠠᠰᠬᠠᠯ ᠤᠨ ᠡᠳᠦᠷ ᠤᠨ ᠬᠡᠷᠡᠭᠯᠡᠭᠡᠨ ᠤ ᠲᠥᠪᠯᠡᠷᠡᠯ ᠤᠨ ᠴᠡᠭ ᠪᠠᠶᠢᠵᠤ᠂ ᠢᠳᠡᠭᠡᠨ ᠤᠮᠳᠠᠭᠠᠨ᠂ ᠬᠤᠨᠤᠭ ᠪᠠᠭᠤᠳᠠᠯ ᠤᠨ ᠦᠢᠯᠡᠴᠢᠯᠡᠭᠡ ᠨᠢ 12315 ᠲᠠᠪᠴᠠᠩ ᠢᠢᠡᠷ ᠵᠠᠭᠠᠯᠳᠤᠨ ᠢᠯᠡᠴᠢᠯᠡᠬᠦ ᠬᠠᠯᠠᠮᠰᠢᠯ ᠪᠤᠯᠪᠠ᠃ ᠡᠭᠦᠨ ᠳᠤ ᠭᠤᠣᠯᠳᠠᠭᠤ ᠢᠳᠡᠭᠡᠨ ᠤ ᠵᠢᠩ ᠯᠠᠩ ᠳᠤᠲᠠᠬᠰᠠᠨ᠂ ᠢᠯᠵᠢᠷᠡᠵᠦ ᠴᠢᠨᠠᠷ ᠬᠤᠪᠢᠷᠠᠬᠰᠠᠨ᠂ ᠬᠤᠭᠤᠴᠠᠭ᠎ᠠ ᠦᠡᠭᠭᠡᠷᠡᠭᠰᠡᠨ᠂ ᠪᠠᠭᠤᠳᠠᠯ ᠤᠨ ᠪᠠᠶᠠᠷ ᠳᠤᠷᠠᠰᠬᠠᠯ ᠤᠨ ᠡᠳᠦᠷ ᠰᠦᠢᠳᠬᠡᠯ ᠬᠤᠷᠢᠶᠠᠬᠤ ᠪᠠᠷᠢᠮᠵᠢᠶ᠎ᠠ ᠵᠢᠴᠢ ᠠᠮᠤᠷ ᠲᠦᠪᠰᠢᠨ ᠵᠡᠷᠭᠡ ᠠᠰᠠᠭᠤᠳᠠᠯ ᠢ ᠲᠤᠰᠬᠠᠭᠰᠠᠨ ᠪᠠᠶᠢᠨ᠎ᠠ᠃   ︽ᠬᠤᠤᠰ ᠪᠠᠶᠠᠷ︾ ᠤᠨ ᠠᠮᠠᠷᠠᠯᠲᠠ ᠶᠢᠨ ᠬᠤᠭᠤᠴᠠᠭᠠᠨ ᠳᠤ᠂ ᠠᠯᠢ ᠣᠯᠠᠨ ᠪᠦᠳᠤᠮᠵᠢᠳᠠᠢ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠣᠣᠷ᠎ᠠ᠂ ᠦᠵᠡᠮᠵᠢ ᠶᠢᠨ ᠣᠷᠣᠨ ᠢᠶᠠᠷ ᠲᠣᠭᠤᠷᠢᠨ ᠵᠢᠭᠤᠯᠴᠢᠯᠠᠬᠤ᠂ ᠠᠮᠠᠷᠠᠨ ᠰᠡᠯᠡᠭᠦᠴᠡᠬᠦ ᠵᠡᠷᠭᠡ ᠠᠵᠢᠯ ᠲᠥᠷᠥᠯ ᠪᠥᠬᠦ ᠲᠠᠯ᠎ᠠ ᠪᠠᠷ ᠰᠡᠷᠭᠦᠵᠦ᠂ ᠦᠵᠡᠮᠵᠢ ᠶᠢᠨ ᠣᠷᠣᠨ᠂ ᠵᠤᠭ᠎ᠠ ᠴᠡᠩᠭᠡᠯ ᠤᠨ ᠲᠠᠯᠠᠪᠤᠷ ᠭᠠᠵᠠᠷ ᠲᠤ ᠵᠢᠭᠤᠯᠴᠢᠯᠠᠭᠰᠠᠳ ᠤᠯᠠᠨ ᠴᠤᠭᠯᠠᠷᠠᠪᠠ᠃ ᠭᠡᠪᠡᠴᠦ ᠰᠦᠢᠳᠬᠡᠯ ᠬᠤᠷᠢᠶᠠᠬ᠂ ᠠᠮᠤᠷ ᠲᠦᠪᠰᠢᠨ᠂ ᠡᠵᠡᠩᠨᠡᠯᠲᠡ ᠬᠠᠮᠢᠶᠠᠷᠤᠯᠲᠠ ᠶᠢᠨ ᠠᠰᠠᠭᠤᠳᠠᠯ ᠠᠴᠠ ᠪᠣᠯᠵᠤ ᠵᠠᠭᠤᠷᠠᠯᠳᠤᠭᠠᠨ ᠡᠭᠦᠰᠴᠦ᠂ ᠭᠤᠣᠯᠳᠠᠭᠤ ᠦᠵᠡᠮᠵᠢ ᠶᠢᠨ ᠣᠷᠣᠨ᠂ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠰᠦᠢᠳᠬᠡᠯ ᠬᠤᠷᠢᠶᠠᠯᠲᠠ ᠵᠢᠴᠢ ᠦᠢᠯᠡᠴᠢᠯᠡᠭᠡ ᠶᠢ ᠪᠣᠳᠠᠲᠠᠶᠢᠵᠢᠭᠤᠯᠤᠭᠰᠠᠨ ᠦᠭᠡᠢ ᠵᠡᠷᠭᠡ ᠠᠰᠠᠭᠤᠳᠠᠯ ᠢ ᠲᠤᠰᠬᠠᠪᠠ᠃   ︽ᠬᠤᠤᠰ ᠪᠠᠶᠠᠷ︾ ᠤᠨ ᠠᠮᠠᠷᠠᠯᠲᠠ  ᠶᠢᠨ ᠬᠤᠭᠤᠴᠠᠭᠠᠨ ᠳᠤ᠂ ᠪᠥᠬᠦ ᠣᠷᠣᠨ ᠤ 12315 ᠬᠠᠯᠠᠮᠰᠢᠯ ᠤᠲᠠᠰᠤ  ᠶᠢᠨ ᠯᠠᠪᠯᠠᠭ᠎ᠠ ᠶᠡᠷᠦᠩᠬᠡᠢ ᠬᠡᠮᠵᠢᠶᠡᠨ ᠤ 47.04% ᠶᠢ ᠡᠵᠡᠯᠡᠵᠦ᠂ ᠭᠤᠣᠯᠳᠠᠭᠤ ᠢᠲᠡᠭᠡᠮᠵᠢ ᠢᠢᠨ ᠬᠢᠨᠠᠯᠲᠠ ᠬᠠᠮᠢᠶᠠᠷᠤᠯᠲᠠ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ᠂ ᠰᠦᠯᠵᠢᠶᠡᠨ ᠳᠡᠭᠡᠷᠡᠬᠢ ᠠᠷᠠᠯᠵᠢᠶ᠎ᠠ᠂ ᠲᠠᠸᠠᠷ ᠤᠨ ᠠᠷᠠᠯᠵᠢᠶ᠎ᠠ᠂ ᠦᠢᠯᠡᠴᠢᠯᠡᠭᠡᠨ ᠤ ᠬᠡᠷᠡᠭᠯᠡᠭᠡ ᠵᠡᠷᠭᠡ ᠳᠤ ᠲᠦᠪᠯᠡᠷᠡᠪᠡ᠃ ᠵᠢᠱᠢᠶᠡᠯᠡᠪᠡᠯ᠄ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠬᠤᠨᠤᠭ ᠪᠠᠭᠤᠳᠠᠯ᠂ ᠦᠵᠡᠮᠵᠢ ᠶᠢᠨ ᠣᠷᠣᠨ ᠤ ᠵᠢᠭᠤᠯᠴᠢᠯᠠᠯ᠂ ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠬᠤ᠂ ᠪᠤᠷᠤᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠵᠢᠴᠢ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠵᠡᠷᠭᠡ ᠠᠰᠠᠭᠤᠳᠠᠯ ᠪᠤᠯᠤᠨ᠎ᠠ᠃   ᠣᠳᠣᠬᠠᠨ ᠳᠤ᠂ ︽ᠬᠤᠤᠰ ᠪᠠᠶᠠᠷ︾ ᠤᠨ ᠠᠮᠠᠷᠠᠯᠲᠠ ᠢᠢᠨ ᠬᠤᠭᠤᠴᠠᠭᠠᠨ ᠳᠠᠬᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ 100% ᠪᠠᠷ ᠬᠤᠪᠢᠶᠠᠷᠢᠯᠠᠨ ᠰᠢᠯᠵᠢᠭᠦᠯᠵᠦ᠂ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠢᠢᠨ ᠰᠠᠯᠠᠭ᠎ᠠ ᠮᠥᠴᠢᠷ ᠶᠠᠭ ᠴᠢᠨᠠᠭᠰᠢᠳᠠ ᠪᠠᠶᠢᠴᠠᠭᠠᠨ ᠰᠶᠢᠳᠪᠦᠷᠢᠯᠡᠵᠦ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ