ᠤᠷᠠᠳ ᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠳᠤᠭᠤᠯᠠᠭ᠎ᠠ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/10/19
   ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠳᠤᠭᠤᠯᠠᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠤᠰᠠᠳᠠ᠂ ᠣᠶᠢᠷ᠎ᠠ ᠳᠤ ᠂ ᠤᠷᠠᠳ ᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠭᠠᠨ ᠪᠠᠶᠢᠴᠠᠭᠠᠬᠤ ᠪᠠᠶᠢᠭᠤᠯᠤᠮᠵᠢ ᠲᠠᠢ ᠬᠠᠮᠲᠤᠷᠠᠨ ᠬᠠᠷᠢᠶ᠎ᠠ ᠣᠷᠣᠨ ᠤ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠳᠤᠭᠤᠯᠠᠭ᠎ᠠ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃   ᠬᠠᠤᠯᠢ ᠬᠡᠷᠡᠭᠵᠢᠭᠦᠯᠬᠦ ᠠᠵᠢᠯᠲᠠᠨ ᠠᠴᠠ ᠲᠣᠭᠤᠯᠭ᠎ᠠ ᠶᠢᠨ ᠦᠢᠯᠡᠳᠪᠦᠷᠢ ᠶᠢᠨ ᠨᠡᠷ᠎ᠡ ᠬᠠᠶ᠋ᠢᠭ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠥᠬᠡᠶ ︽ᠭᠤᠷᠪᠠᠨ ᠥᠬᠡᠶ ᠦᠢᠯᠡᠳᠬᠦᠨ︾ ᠢ ᠪᠣᠷᠣᠯᠠᠭᠤᠯᠤᠭᠰᠠᠨ ᠡᠰᠡᠬᠦ︔ ︽CCC︾ ᠭᠡᠷᠡᠴᠢᠯᠡᠯ ᠣᠯᠤᠭᠰᠠᠨ ᠡᠰᠡᠬᠦ ᠨᠢ ᠦᠢᠯᠡᠳᠬᠦᠨ ᠪᠣᠯᠤᠨ ᠭᠡᠷᠡᠴᠢᠯᠡᠯ ᠤᠨ ᠦᠨᠡᠮᠯᠡᠯ ᠤᠨ ᠨᠢᠭᠡᠳᠦᠯᠲᠦ ᠴᠢᠨᠠᠷ ᠢ ᠬᠠᠷᠢᠴᠠᠭᠤᠯᠤᠭᠰᠠᠨ  ᠡᠰᠡᠬᠦ︔ ᠮᠠᠭᠤ ᠪᠠᠷ ᠰᠠᠶᠢᠨ ᠢ ᠣᠷᠣᠯᠠᠭᠤᠯᠣᠭᠰᠠᠨ ᠡᠰᠡᠬᠦ ᠵᠡᠷᠭᠡ ᠪᠠᠢᠳᠠᠯ ᠳᠤ ᠨᠠᠷᠢᠨ ᠪᠠᠶᠢᠴᠠᠭᠠᠯᠲᠠ ᠬᠢᠵᠣ ᠲᠠᠩᠰᠠᠯᠠᠨ ᠲᠡᠮᠳᠡᠭᠯᠡᠬᠦ ᠶᠢᠨ ᠬᠠᠮᠲᠤ᠂ ᠡᠵᠡᠩᠨᠡᠯᠲᠡ ᠶᠢᠨ ᠨᠢᠭᠡᠴᠡ ᠳᠤ ᠤᠯᠤᠰ ᠤᠨ ᠪᠠᠷᠢᠮᠵᠢᠶ᠎ᠠ ᠪᠣᠯᠬᠤ ︽ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠳᠤᠭᠤᠯᠠᠭ᠎ᠠ︾ ᠶᠢ ᠬᠡᠷᠡᠭᠵᠢᠭᠦᠯᠬᠦ ᠱᠠᠭᠠᠷᠳᠠᠯᠭ᠎ᠠ ᠶᠢ ᠣᠬᠠᠭᠤᠯᠵᠣ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠡᠵᠡᠩᠨᠡᠭᠴᠢ ᠶᠢ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠪᠠ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠡᠵᠡᠩᠨᠡᠯᠲᠡ ᠶᠢᠨ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠵᠢᠷᠤᠮᠵᠢᠭᠤᠯᠬᠤ ᠬᠡᠷᠡᠭᠲᠡᠶ ᠭᠡᠵᠦ  ᠰᠠᠨᠠᠭᠤᠯᠪᠠ᠃   ᠲᠠᠷᠠᠭᠠᠴᠢ ᠶᠢᠨ ᠠᠯᠬᠤᠮ ᠳᠤ᠂  ᠲᠣᠰ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠠᠴᠠ ᠬᠤᠳᠠᠯ ᠬᠠᠭᠤᠷᠮᠠᠭ ᠪᠠ ᠬᠢᠷᠢ ᠲᠡᠩᠴᠡᠭᠦ ᠥᠬᠡᠶ ᠳᠤᠭᠤᠯᠠᠭ᠎ᠠ ᠶᠢᠨ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ  ᠰᠡᠷᠭᠡᠶᠢᠯᠡᠵᠦ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠵᠢᠯᠣᠭᠤᠴᠢ ᠶᠢᠨ ᠠᠮᠤᠷ ᠲᠦᠪᠰᠢᠨ ᠢ ᠪᠠᠲᠤᠯᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ