ᠣᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠠᠮ ᠤᠨ ᠭᠡᠰᠢᠭᠦᠨ ᠡᠯᠰᠡᠬᠦ ᠠᠵᠢᠯ ᠢ ᠰᠠᠶᠢᠲᠤᠷ  ᠬᠢᠵᠣ ᠪᠠᠶᠢᠨ᠎ᠠ
ᠨᠡᠶᠢᠲᠡᠯᠡᠭᠰᠡᠨ ᠴᠠᠭ᠄
2023/10/19
    ᠣᠶᠢᠷ᠎ᠠ ᠶᠢᠨ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠡᠯᠰᠡᠬᠦ ᠠᠵᠢᠯ ᠤᠨ ᠨᠠᠷᠢᠨ ᠲᠦᠷᠢᠮ︾ ᠢᠶᠠᠷ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠳᠦᠯ ᠢ ᠪᠠᠳᠠᠷᠠᠭᠤᠯᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠪᠠᠷᠢᠮᠵᠢᠶ᠎ᠠ ᠶᠢ ᠪᠠᠷᠢᠮᠲᠠᠯᠠᠵᠤ᠂ ︽ᠲᠠᠪᠤᠨ ᠪᠣᠭᠤᠮᠲᠠ︾ ᠶᠢ ᠴᠢᠩᠭ᠎ᠠ ᠰᠠᠬᠢᠵᠤ᠂ ᠨᠠᠮ ᠤᠨ ᠭᠡᠰᠢᠭᠦᠨ ᠡᠯᠰᠡᠬᠦ ᠠᠵᠢᠯ ᠢ ᠴᠢᠨᠠᠷ ᠰᠠᠶᠢᠲᠠᠶ  ᠬᠢᠪᠡ᠃   ᠨᠢᠭᠡ ᠳᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠬᠠᠷᠢᠭᠤᠴᠠᠯᠭ᠎ᠠ ᠶᠢᠨ ᠪᠣᠭᠤᠮᠲᠠ︾ ᠶᠢ ᠴᠢᠩᠭ᠎ᠠ  ᠰᠠᠬᠢᠪᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠵᠣᠬᠢᠶᠠᠨ ᠪᠠᠶᠢᠭᠤᠯᠤᠯᠲᠠ ᠶᠢᠨ ᠭᠡᠰᠢᠭᠦᠨ ᠭᠡᠬᠦ ᠬᠤᠶᠠᠷ ᠬᠤᠪᠢ ᠲᠤᠰᠢᠶᠠᠯ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠡᠭᠦᠷᠭᠡ ᠶᠢ ᠠᠵᠢᠯ ᠤᠨ ᠪᠠᠶᠢᠷᠢ᠂ ᠬᠠᠷᠢᠭᠤᠴᠠᠯᠭ᠎ᠠ ᠶᠢ ᠬᠥᠮᠦᠨ ᠪᠦᠬᠦᠨ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃ ᠵᠣᠬᠢᠶᠠᠨ ᠪᠠᠶᠢᠭᠤᠯᠬᠤ ᠭᠡᠰᠢᠭᠦᠨ ᠭᠤᠤᠯᠳᠠᠭᠤ ᠨᠠᠮ ᠳᠤ ᠣᠷᠣᠬᠤ ᠢᠳᠡᠪᠬᠢᠲᠡᠨ ᠤ ᠡᠩᠨᠡᠭᠡ ᠶᠢᠨ ᠣᠳᠣᠬᠢ ᠪᠠᠶᠢᠳᠠᠯ ᠢ  ᠣᠶᠢᠯᠠᠭᠠᠬᠤ᠂ ᠡᠳᠦᠷ ᠲᠤᠲᠤᠮ ᠤᠨ  ᠬᠦᠮᠦᠵᠢᠯ ᠤᠨ ᠬᠢᠨᠠᠨ ᠪᠠᠶᠢᠴᠠᠭᠠᠬᠤ ᠶᠢ ᠴᠢᠩᠭᠠᠳᠬᠠᠬᠤ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ᠂ ᠬᠥᠭᠵᠢᠯᠲᠡ ᠶᠢᠨ ᠡᠲᠡᠭᠡᠳ ᠲᠠᠢ ᠶᠠᠷᠢᠯᠴᠠᠬᠤ ᠵᠡᠷᠭᠡ ᠲᠤᠯᠤᠭᠠᠨ ᠵᠦᠢᠯ ᠤᠨ ᠲᠤᠰᠢᠶᠠᠯ ᠬᠠᠷᠢᠭᠤᠴᠠᠯᠭ᠎ᠠ ᠶᠢ ᠡᠬᠦᠷᠭᠡᠯᠡᠪᠡ᠃ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠠᠯᠪᠠᠨ ᠬᠡᠷ ᠤᠨ ︽ᠵᠢᠱᠢᠭᠳᠡᠭᠴᠢ ᠶᠢᠨ ᠮᠡᠳᠡᠭᠡ ᠵᠠᠩᠭᠢ ᠶᠢ ᠨᠢᠭᠡᠳᠦᠯᠲᠡᠶ ᠡᠵᠡᠮᠰᠢᠬᠦ᠂ ᠬᠥᠭᠵᠢᠯᠲᠡ ᠶᠢᠨ ᠲᠥᠯᠥᠪᠯᠡᠭᠡ ᠶᠢ ᠨᠢᠭᠡᠳᠦᠯᠲᠡᠶ ᠲᠣᠬᠢᠷᠠᠭᠤᠯᠬᠤ᠂ ᠬᠢᠷᠢ ᠬᠡᠮ ᠢ ᠬᠠᠮᠲᠤᠷᠠᠨ ᠬᠢᠨᠠᠬᠤ ᠶᠢ ᠨᠢᠭᠡᠳᠦᠯᠲᠡᠶ ᠥᠷᠨᠢᠭᠦᠯᠬᠦ᠂ ᠬᠥᠭᠵᠢᠭᠦᠯᠬᠦ ᠡᠲᠡᠭᠡᠳ ᠪᠠ ᠨᠠᠮ ᠳᠤ ᠣᠷᠣᠬᠤ ᠢᠳᠡᠪᠬᠢᠲᠡᠨ ᠢ ᠨᠢᠭᠡᠳᠦᠯᠲᠡᠶ ᠪᠣᠯᠪᠠᠰᠤᠷᠠᠭᠤᠯᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠣᠷᠣᠨ ᠪᠦᠰᠡ ᠶᠢ ᠨᠢᠭᠡᠳᠦᠯᠲᠡᠶ ᠲᠥᠯᠥᠪᠯᠡᠬᠦ᠂ ᠴᠡᠭ ᠢ ᠠᠳᠬᠤᠨ ᠨᠡᠶᠢᠳᠡᠮ ᠢ ᠳᠠᠶᠢᠴᠢᠯᠠᠬᠤ ᠶᠢ  ᠴᠢᠩᠭᠠᠳᠬᠠᠪᠠ᠃  ᠬᠤᠶᠠᠷ ᠲᠤ᠂ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠵᠤ᠂ ︽ᠣᠷᠣᠬᠤ ᠡᠭᠦᠳᠡ︾ ᠶᠢ ᠴᠢᠩᠭ᠎ᠠ ᠰᠠᠬᠢᠪᠠ᠃ ᠪᠣᠯᠭᠤᠮᠵᠢᠲᠠᠢ ᠬᠥᠭᠵᠢᠭᠦᠯᠬᠦ᠂ ᠲᠡᠩᠴᠡᠭᠦᠷᠢᠲᠡᠢ ᠬᠥᠭᠵᠢᠭᠦᠯᠬᠦ ᠶᠢ ᠪᠠᠷᠢᠮᠲᠠᠯᠠᠵᠤ᠂ ᠱᠠᠯᠠᠪᠳᠠᠨ ᠬᠥᠭᠵᠢᠭᠦᠯᠬᠦ ᠶᠢ ᠴᠠᠭᠠᠵᠠᠯᠠᠵᠤ᠂ ︽ᠲᠦᠭᠵᠢᠮᠡᠯ ᠦᠵᠡᠯ︾ ᠢ ᠡᠰᠡᠷᠭᠦᠴᠡᠵᠦ᠂ ︽ᠠᠰᠠᠭᠤᠳᠠᠯ ᠲᠠᠢ ᠪᠠᠷ ᠨᠠᠮ ᠳᠤ ᠣᠷᠣᠬᠤ︾ ᠶᠢ  ᠰᠡᠷᠭᠡᠶᠢᠯᠡᠪᠡ᠃ ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠶᠡᠷᠦᠩᠬᠡᠶ ᠬᠡᠮᠵᠢᠶ᠎ᠡ ᠶᠢ ᠤᠷᠢᠳᠴᠢᠯᠠᠨ ᠡᠵᠡᠮᠳᠡᠬᠦ᠂ ᠲᠡᠩᠴᠡᠭᠦᠷᠢᠰᠢᠭᠦᠯᠬᠦ ᠪᠠᠶᠢᠭᠤᠯᠤᠮᠵᠢ᠂ ᠡᠲᠡᠭᠡᠳ ᠢ ᠨᠠᠷᠢᠯᠢᠭ ᠰᠣᠩᠭᠤᠪᠠ᠃ ︽ᠭᠤᠷᠪᠠ ᠶᠢ ᠬᠥᠮᠦᠵᠢᠭᠦᠯᠬᠦ︾ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠰᠢᠯᠢᠳᠡᠭ ᠵᠠᠯᠠᠭᠤ ᠺᠠᠳ᠋ᠷ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠳᠠᠪᠤᠷᠢᠲᠠᠨ᠂ ᠲᠤᠬᠠᠶᠢᠯᠠᠭᠰᠠᠨ ᠠᠵᠢᠯ ᠤᠨ ᠭᠤᠣᠯᠯᠠᠭᠴᠢ᠂ ᠪᠤᠰᠤᠳ ᠲᠡᠷᠢᠭᠦᠨ ᠤ ᠬᠥᠮᠦᠰ ᠵᠡᠷᠭᠡ ᠬᠠᠮᠲᠤᠯᠢᠭ ᠠᠴᠠ ᠨᠠᠮ ᠤᠨ ᠭᠡᠰᠢᠭᠦᠨ ᠡᠯᠰᠡᠵᠦ᠂ ᠤᠯᠤᠰ ᠲᠦᠷᠦ ᠶᠢᠨ ᠤᠬᠠᠮᠰᠠᠷ ᠥᠨᠳᠥᠷ᠂ ᠦᠵᠡᠯ ᠰᠠᠨᠠᠭᠠᠨ ᠤ ᠬᠡᠪ ᠴᠢᠨᠠᠷ ᠰᠠᠶᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠴᠢᠩᠭ᠎ᠠ᠂ ᠠᠵᠢᠯ ᠨᠢ ᠤᠯᠠᠨ ᠲᠦᠮᠡᠨ ᠳᠤ ᠮᠡᠳᠡᠷᠡᠭᠳᠡᠭᠰᠡᠨ ᠬᠦᠮᠦᠰ ᠢ ᠨᠠᠮ ᠤᠨ ᠵᠣᠬᠢᠶᠠᠨ ᠪᠠᠶᠢᠭᠤᠯᠤᠯᠲᠠ ᠳᠤ ᠡᠯᠰᠡᠵᠦ᠂ ᠨᠠᠮ ᠤᠨ ᠭᠡᠰᠢᠭᠦᠨ ᠡᠯᠰᠡᠬᠦ ᠴᠢᠨᠠᠷ ᠴᠢᠨᠰᠠᠭ᠎ᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ  ᠪᠠᠲᠣᠯᠠᠪᠠ᠃ 2020 ᠣᠨ ᠠᠴᠠ ᠨᠠᠭᠠᠰᠢ ᠨᠡᠶᠢᠲᠡ 14 ᠨᠠᠮ ᠤᠨ ᠭᠡᠰᠢᠭᠦᠨ᠂ 25 ᠨᠠᠮ ᠳᠤ ᠣᠷᠣᠬᠤ ᠢᠳᠡᠪᠬᠢᠲᠡᠨ ᠢ ᠡᠯᠰᠡᠵᠦ᠂ ᠨᠠᠮ ᠤᠨ ᠭᠡᠰᠢᠭᠦᠨ ᠨᠠᠶᠢᠲᠠ 1973  ᠪᠣᠯᠪᠠ᠃   ᠭᠤᠷᠪᠠ ᠳᠤ ᠂ ᠬᠡᠪ ᠵᠠᠭᠪᠤᠷ ᠢᠶᠠᠷ ᠵᠢᠯᠣᠭᠤᠳᠬᠤ ᠶᠢ ᠪᠠᠷᠢᠮᠲᠠᠯᠠᠵᠤ᠂ ︽ᠲᠠᠰ ᠳᠠᠷᠠᠭᠠᠯᠠᠯ ᠤᠨ ᠪᠣᠭᠤᠮᠲᠠ︾ ᠶᠢ ᠴᠢᠩᠭ᠎ᠠ  ᠰᠠᠬᠢᠪᠠ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠨᠠᠮ ᠤᠨ ᠭᠡᠰᠢᠭᠦᠨ ᠡᠯᠰᠡᠬᠦ ᠴᠤᠪᠤᠷᠠᠯ ᠬᠡᠪ ᠵᠠᠭᠪᠤᠷ ᠢ ᠲᠣᠳᠣᠷᠬᠠᠶᠢᠯᠠᠵᠤ᠂ ᠣᠶᠢᠯᠠᠭᠠᠬᠤ ᠳᠤ ᠬᠢᠯᠪᠠᠷ᠂ ᠬᠡᠷᠡᠭᠵᠢᠭᠦᠯᠬᠦ ᠳᠤ ᠲᠦᠬᠦᠮ ᠪᠣᠯᠭᠠᠵᠤ᠂ ᠤᠯᠠᠨ ᠢ ᠨᠠᠮ ᠤᠨ ᠭᠡᠰᠢᠭᠦᠨ ᠡᠯᠰᠡᠬᠦ ᠶᠠᠪᠤᠴᠠ ᠳᠤ ᠦᠨᠳᠦᠰᠦᠯᠡᠯ ᠲᠠᠢ᠂ ᠵᠢᠷᠤᠮᠯᠠᠬᠤ ᠲᠦᠷᠢᠮ ᠲᠠᠢ ᠪᠣᠯᠭᠠᠵᠤ᠂ ᠨᠠᠮ ᠤᠨ ᠭᠡᠰᠢᠭᠦᠨ ᠡᠯᠰᠡᠬᠦ ᠲᠡᠰ ᠳᠠᠷᠠᠭᠠᠯᠠᠯ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠶᠢ ᠪᠠᠲᠣᠯᠠᠪᠠ᠃ ᠨᠠᠮ ᠤᠨ ᠭᠡᠰᠢᠭᠦᠨ ᠡᠯᠰᠡᠬᠦ ᠶᠠᠪᠤᠴᠠ ᠳᠤ ᠲᠡᠰ ᠳᠠᠷᠠᠭᠠᠯᠠᠯ ᠨᠢ ᠵᠢᠷᠤᠮᠵᠢᠯ ᠦᠭᠡᠢ᠂ ᠴᠠᠭ ᠬᠤᠭᠤᠴᠠᠭ᠎ᠠ ᠨᠢ ᠡᠮᠬᠢ ᠵᠠᠮᠪᠠᠷᠠᠭ᠎ᠠ ᠦᠭᠡᠢ᠂ ᠲᠠᠩᠰᠠ ᠡᠪᠬᠡᠮᠡᠯ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠵᠡᠷᠭᠡ ᠠᠰᠠᠭᠤᠳᠠᠯ ᠢᠯᠡᠷᠡᠬᠦ ᠶᠢ ᠬᠤᠷᠢᠭᠯᠠᠵᠤ᠂ ᠨᠠᠮ ᠤᠨ ᠭᠡᠰᠢᠭᠦᠨ ᠡᠯᠰᠡᠬᠦ ᠪᠠᠷᠢᠮᠵᠢᠶ᠎ᠠ ᠪᠣᠯᠤᠨ ᠶᠠᠰᠤ ᠴᠢᠨᠠᠷ ᠢ ᠳᠡᠭᠡᠭᠰᠢᠯᠡᠬᠦᠯᠪᠡ᠃   ᠳᠥᠷᠪᠡ ᠳᠤ᠂ ᠬᠢᠨᠠᠨ ᠪᠠᠶᠢᠴᠠᠭᠠᠭᠰᠠᠨ ᠲᠡᠮᠳᠡᠭᠯᠡᠯ ᠢ ᠴᠢᠩᠭ᠎ᠠ ᠬᠢᠵᠦ᠂ ︽ᠶᠠᠰᠤ ᠴᠢᠨᠠᠷ ᠤᠨ ᠪᠣᠭᠤᠮᠲᠠ︾ ᠶᠢ ᠴᠢᠩᠭ᠎ᠠ ᠠᠳᠬᠤᠪᠠ᠃ ︽ᠳᠥᠷᠪᠡ ᠶᠢ ᠬᠢᠨᠠᠬᠤ︾ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠨ ᠪᠠᠶᠢᠴᠠᠭᠠᠯᠲᠠ ᠶᠢ ᠦᠨᠡᠨ ᠬᠦ ᠴᠢᠩᠭᠠᠳᠬᠠᠵᠤ᠂ ᠪᠠᠷᠢᠮᠵᠢᠶ᠎ᠠ ᠴᠤᠪᠤᠷᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠬᠡᠯᠪᠡᠷᠢ ᠶᠢᠨ ᠲᠡᠳᠦᠶ ᠬᠢᠬᠦ ᠥᠬᠡᠶ᠂ ᠬᠠᠰᠢ ᠶᠠᠰᠢ ᠥᠩᠭᠡᠷᠡᠭᠦᠯᠬᠦ ᠥᠬᠡᠶ᠂ ᠳᠥᠭᠦᠮ ᠳᠥᠲᠡ ᠶᠢ ᠪᠤᠳᠤᠬᠤ ᠥᠬᠡᠶ ᠪᠠᠶᠢᠵᠤ᠂ ᠨᠠᠮ ᠤᠨ ᠭᠡᠰᠢᠭᠦᠨ ᠡᠯᠰᠡᠬᠦ ᠠᠵᠢᠯ ᠤᠨ ᠲᠥᠪ ᠴᠢᠩᠭ᠎ᠠ᠂ ᠨᠠᠷᠢᠨ ᠬᠢᠨᠠᠮᠠᠭᠠᠶ ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠭᠡᠰᠢᠭᠦᠨ ᠡᠯᠰᠡᠬᠦ ᠠᠵᠢᠯ ᠤᠨ ᠴᠢᠨᠠᠷ ᠰᠠᠶᠢᠲᠠᠶ ᠶᠠᠪᠤᠭᠳᠠᠬᠤ ᠶᠢ  ᠠᠬᠢᠭᠤᠯᠪᠠ᠃   ᠲᠠᠪᠤ ᠳᠤ᠂ ᠲᠥᠷᠥᠯ ᠬᠤᠪᠢᠶᠠᠨ ᠵᠢᠯᠣᠭᠤᠳᠬᠤ ᠶᠢ ᠨᠠᠷᠢᠯᠢᠬᠵᠢᠭᠤᠯᠵᠤ᠂ ︽ᠲᠠᠩᠰᠠ ᠡᠪᠬᠡᠮᠡᠯ ᠤᠨ ᠪᠣᠭᠤᠮᠲᠠ︾ ᠶᠢ ᠴᠢᠩᠭ᠎ᠠ ᠠᠳᠬᠤᠪᠠ᠃ ᠨᠠᠮ ᠤᠨ ᠭᠡᠰᠢᠭᠦᠨ ᠡᠯᠰᠡᠬᠦ ᠡᠯ᠎ᠡ ᠭᠤᠭᠴᠤᠭ᠎ᠠ ᠶᠢ ᠪᠡᠶᠡᠯᠡᠭᠦᠯᠦᠭᠰᠡᠨ ᠤ ᠳᠠᠷᠠᠭ᠎ᠠ᠂ ︽ᠲᠠᠩᠰᠠ ᠡᠪᠬᠡᠮᠡᠯ ᠳᠤ ᠣᠷᠣᠭᠤᠯᠬᠤ ᠪᠣᠭᠤᠮᠲᠠ︾ ᠶᠢ ᠴᠢᠩᠭ᠎ᠠ ᠠᠳᠬᠤᠵᠤ᠂ ᠨᠠᠮ ᠳᠤ ᠣᠷᠣᠬᠤ ᠮᠠᠲ᠋ᠧᠷᠢᠶᠠᠯ ᠢ ᠪᠠᠷᠢᠮᠵᠢᠶ᠎ᠠ ᠶᠣᠰᠣᠭᠠᠷ ᠴᠠᠭ ᠲᠤᠬᠠᠶ ᠳᠤᠨᠢ ᠲᠠᠩᠰᠠ ᠡᠪᠬᠡᠮᠡᠯ ᠳᠤ ᠣᠷᠣᠭᠤᠯᠬᠤ ᠶᠢ ᠦᠨᠡᠨ ᠬᠦ ᠪᠠᠲᠤᠯᠠᠪᠠ᠃ ︽ᠨᠢᠭᠡ ᠬᠥᠮᠦᠨ ᠳᠤ ᠨᠢᠭᠡ ᠳᠠᠩᠰᠠ ᠡᠪᠬᠡᠮᠡᠯ ᠲᠠᠢ ᠪᠠᠶᠢᠯᠭᠠᠬᠤ︾ ᠵᠠᠷᠴᠢᠮ ᠢ ᠦᠨᠳᠦᠰᠦᠯᠡᠨ ᠡᠮᠬᠢᠳᠭᠡᠵᠦ᠂ ᠬᠠᠪᠢᠰᠤ ᠶᠢ ᠨᠢᠭᠡᠳᠦᠯᠲᠡᠶ᠂ ᠶᠠᠩᠵᠤ ᠬᠡᠯᠪᠡᠷᠢ ᠶᠢ ᠨᠢᠭᠡᠳᠦᠯᠲᠡᠶ᠂ ᠵᠦᠢᠯ ᠵᠤᠷᠪᠤᠰ ᠢ ᠨᠢᠭᠡᠳᠦᠯᠲᠡᠶ᠂ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ ᠶᠢ ᠪᠡᠶᠡᠯᠡᠬᠦᠯᠪᠡ᠃ ᠣᠳᠣᠬᠠᠨ ᠳᠤ ᠣᠶᠢᠷ᠎ᠠ ᠶᠢᠨ ᠠᠷᠪᠠᠨ ᠵᠢᠯ ᠳᠤ ᠡᠯᠰᠡᠭᠰᠡᠨ ᠨᠠᠮ ᠤᠨ ᠭᠡᠰᠢᠭᠦᠨ ᠤ ᠲᠠᠩᠰᠠ ᠡᠪᠬᠡᠮᠡᠯ ᠢ ᠨᠢᠭᠡᠨᠲᠡ 230 ᠭᠠᠷᠤᠶ ᠬᠤᠪᠢ ᠡᠮᠬᠢᠯᠡᠨ ᠲᠠᠩᠰᠠᠨ ᠳᠤ ᠣᠷᠣᠭᠤᠯᠵᠠᠶ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ