ᠬᠤᠪᠢᠯᠭᠠᠨ ᠣᠩᠭᠤᠴᠠ ᠠᠷᠪᠠᠨ ᠳᠣᠯᠣᠳᠤᠭᠠᠷ ᠢ ᠣᠶᠢᠷ᠎ᠠ ᠳᠤ ᠬᠠᠷᠪᠤᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2023/10/20
   ᠳᠤᠮᠳᠠᠳᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠠᠯᠪᠠᠨ ᠭᠡᠷ ᠤᠨ ᠮᠡᠳᠡᠭᠡ ᠶᠢ ᠦᠨᠳᠦᠰᠦᠯᠡᠪᠡᠯ᠂ ᠪᠡᠭᠡᠵᠢᠩ ᠤᠨ ᠴᠠᠭ ᠢᠶᠠᠷ 2023 ᠣᠨ ᠤ 10 ᠰᠠᠷ᠎ᠠ ᠶᠢᠨ 19 ᠤ ᠡᠳᠦᠷ᠂ ᠬᠤᠪᠢᠯᠭᠠᠨ ᠣᠩᠭᠤᠴᠠ ᠠᠷᠪᠠᠨ ᠳᠣᠯᠣᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠪᠣᠯᠣᠨ ᠴᠠᠩ ᠵᠧᠩ ᠬᠤᠶᠠᠳᠤᠭᠠᠷ F ᠠᠯᠤᠰ ᠡᠵᠡᠮᠰᠢᠯᠲᠦ ᠠᠷᠪᠠᠨ ᠳᠣᠯᠣᠳᠤᠭᠠᠷ ᠬᠥᠯᠭᠡ ᠲᠡᠶᠢᠷᠦᠯᠲᠦ ᠰᠤᠮᠤ ᠶᠢᠨ ᠬᠠᠮᠲᠤᠷᠠᠯ ᠴᠣᠭᠴᠠ ᠶᠢ ᠨᠢᠭᠡᠨᠲᠡ ᠬᠠᠷᠪᠤᠯᠲᠠ ᠶᠢᠨ ᠲᠣᠭᠤᠷᠢᠭ ᠲᠤ ᠰᠢᠯᠵᠢᠭᠦᠯᠦᠨ ᠬᠦᠷᠭᠡᠪᠡ᠃ ᠣᠳᠣᠬᠠᠨ ᠳᠤ ᠬᠠᠷᠪᠤᠯᠲᠠ ᠶᠢᠨ ᠲᠠᠯᠠᠪᠤᠷ ᠤᠨ ᠲᠣᠨᠤᠭ ᠲᠥᠬᠦᠭᠡᠷᠦᠮᠵᠢ ᠶᠢᠨ ᠪᠠᠶᠢᠳᠠᠯ ᠮᠠᠰᠢ ᠰᠠᠶᠢᠨ ᠪᠠᠶᠢᠵᠤ᠂ ᠬᠠᠷᠪᠤᠯᠲᠠ ᠶᠢᠨ ᠡᠮᠦᠨᠡᠬᠢ ᠡᠯ᠎ᠡ ᠵᠦᠢᠯ ᠤᠨ ᠴᠢᠳᠠᠮᠵᠢ ᠶᠢᠨ ᠪᠠᠶᠢᠴᠠᠭᠠᠯᠲᠠ᠂ ᠬᠠᠮᠲᠤᠷᠠᠭᠰᠠᠨ ᠰᠢᠯᠭᠠᠯᠲᠠ ᠵᠡᠷᠭᠡ ᠠᠵᠢᠯ ᠢ ᠦᠷᠭᠦᠯᠵᠢᠯᠡᠨ ᠲᠥᠯᠥᠪᠯᠡᠭᠡ ᠶᠣᠰᠣᠭᠠᠷ ᠥᠷᠨᠢᠭᠦᠯᠵᠦ᠂ ᠣᠶᠢᠷ᠎ᠠ ᠳᠤ ᠲᠣᠬᠢᠶᠠᠯ ᠢ ᠦᠵᠡᠨ ᠬᠠᠷᠪᠤᠬᠤ ᠪᠠᠷ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ