ᠭᠤᠷᠪᠡᠨ ᠰᠠᠯᠠᠭ᠎ᠠ ᠮᠦᠴᠢᠷ ︽ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠡᠤᠭᠡᠳ ᠰᠠᠭᠠᠳᠠᠭᠤᠯᠬᠤ ᠦᠢᠯᠡᠴᠢᠯᠡᠭᠡᠨ ᠤ ᠬᠦᠭᠵᠢᠯᠳᠠ ᠶᠢ ᠲᠠᠮᠵᠢᠬᠦ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/10/20
   ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠶᠢ ᠠᠬᠢᠭᠤᠯᠬᠤ ᠨᠢ ᠨᠢᠯᠬ᠎ᠠ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠳᠤ ᠠᠰᠢᠭᠲᠠᠶ᠂ ᠬᠡᠤᠬᠡᠳ ᠰᠠᠭᠠᠲᠠᠭᠤᠯᠬᠤ ᠦᠢᠯᠡᠴᠢᠯᠡᠭᠡ ᠶᠢ ᠵᠢᠷᠤᠮᠵᠢᠭᠤᠯᠬᠤ ᠳᠤ ᠠᠰᠢᠭᠲᠠᠶ ᠶᠤᠮ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ ᠵᠡᠷᠭᠡ ᠭᠤᠷᠪᠠᠨ ᠰᠠᠯᠠᠭ᠎ᠠ ᠮᠥᠴᠢᠷ ᠣᠶᠢᠷ᠎ᠠ ᠳᠤ ᠬᠠᠮᠲᠤᠷᠠᠨ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠠᠵᠢᠯ ᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ    ᠬᠡᠤᠬᠡᠳ ᠰᠠᠭᠠᠲᠠᠭᠤᠯᠬᠤ ᠦᠢᠯᠡᠴᠢᠯᠡᠭᠡ ᠪᠣᠯ ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠮᠢᠶᠠᠷᠤᠯᠲᠠ ᠶᠢᠨ ᠴᠢᠬᠤᠯᠠ ᠠᠭᠤᠯᠭ᠎ᠠ ᠮᠥᠨ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠣᠶᠢᠷ᠎ᠠ ᠶᠢᠨ ᠵᠢᠯ ᠳᠤ᠂ ᠡᠯ᠎ᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠶᠢ ᠢᠳᠡᠪᠬᠢᠲᠡᠶ ᠪᠠᠷ ᠵᠣᠷᠢᠭᠵᠢᠭᠤᠯᠵᠤ᠂ ᠨᠢᠯᠬ᠎ᠠ ᠬᠡᠤᠬᠡᠳ ᠤᠨ ᠬᠤᠭᠤᠯᠠ ᠤᠮᠳᠠ ᠶᠢᠨ ᠰᠢᠮ᠎ᠡ ᠲᠡᠵᠢᠭᠡᠯ᠂ ᠪᠡᠶ᠎ᠡ ᠮᠠᠬᠠᠪᠣᠳ ᠤᠨ ᠪᠤᠶᠢᠵᠢᠯᠲᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠪᠤᠶᠢᠵᠢᠭᠤᠯᠤᠨ ᠬᠦᠮᠦᠵᠢᠬᠦᠯᠵᠤ ᠬᠠᠷᠠᠭᠠᠯᠵᠠᠨ ᠠᠰᠠᠷᠠᠬᠤ ᠵᠡᠷᠭᠡ ᠲᠠᠯ᠎ᠠ ᠪᠠᠷ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠠᠵᠢᠯᠲᠠᠨ ᠤ ᠪᠣᠯᠪᠠᠰᠤᠷᠠᠯ ᠢ ᠴᠢᠩᠭᠠᠳᠬᠠᠵᠤ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠵᠢᠷᠤᠮᠵᠢᠬᠰᠡᠨ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠨᠢᠯᠬ᠎ᠠ ᠬᠡᠤᠬᠡᠳ ᠤᠨ ᠬᠡᠷ ᠤᠨ ᠠᠬᠠᠮᠠᠳ ᠪᠠ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠰᠠᠶᠢᠨ ᠦᠨᠡᠯᠡᠯᠲᠡ ᠶᠢ ᠣᠯᠵᠠᠢ ᠭᠡᠵᠤ ᠲᠠᠨᠢᠯᠴᠠᠭᠤᠯᠪᠠ᠃ᠵᠢᠯᠣᠭᠤᠳᠬᠤ ᠰᠠᠨᠠᠯ ᠤᠨ ᠭᠤᠤᠯ ᠠᠭᠤᠯᠭ᠎ᠠ ᠳᠤ᠄ ᠵᠠᠬᠢᠶᠠᠯᠠᠭ᠎ᠠ ᠪᠠᠷ ᠭᠡᠷ᠎ᠡ ᠲᠣᠭᠲᠠᠬᠤ ᠦᠢᠯᠡᠴᠢᠯᠡᠭᠡ ᠶᠢ ᠥᠷᠨᠢᠭᠦᠯᠵᠦ᠂ ᠬᠡᠤᠬᠡᠳ ᠢ ᠬᠠᠷᠠᠭᠠᠯᠵᠠᠨ ᠠᠰᠠᠷᠠᠬᠤ ᠵᠢᠯᠣᠭᠤᠳᠣᠯᠭ᠎ᠠ ᠶᠢ ᠴᠢᠩᠭᠠᠳᠬᠠᠨ᠂ ᠬᠢᠲᠠᠳ ᠡᠮ ᠡᠮᠨᠡᠯᠭᠡ ᠶᠢᠨ ᠤᠨᠴᠠᠯᠢᠭᠳᠤ ᠳᠠᠪᠠᠭᠤᠯᠢᠭ ᠢ ᠪᠠᠳᠠᠷᠠᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠤᠯᠪᠤᠬᠳᠠᠯ ᠪᠥᠬᠦᠶ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠬᠦᠯᠵᠦ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠶᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠬᠤ ᠵᠡᠷᠭᠡ ᠪᠠᠭᠳᠠᠨ᠎ᠠ᠃   ᠡᠭᠦᠨ ᠳᠤ᠂ ᠵᠠᠬᠢᠶᠠᠯᠠᠭ᠎ᠠ ᠪᠠᠷ ᠭᠡᠷ᠎ᠡ ᠲᠣᠭᠲᠠᠬᠤ ᠦᠢᠯᠡᠴᠢᠯᠡᠭᠡ ᠶᠢ ᠥᠷᠨᠢᠭᠦᠯᠬᠦ ᠲᠠᠯ᠎ᠠ ᠪᠠᠷ᠂ ᠵᠢᠯᠣᠭᠤᠳᠬᠤ ᠰᠠᠨᠠᠯ ᠳᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢ ᠴᠢᠳᠠᠮᠵᠢᠳᠤ ᠨᠡᠶᠢᠭᠡᠮ ᠲᠣᠭᠤᠷᠢᠭ ᠤᠨ ᠭᠡᠷ᠎ᠡ ᠲᠣᠭᠲᠠᠬᠤ ᠡᠲᠡᠭᠡᠳ ᠪᠣᠯᠭᠠᠵᠤ᠂ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠲᠣᠭᠤᠷᠢᠨ ᠵᠢᠯᠣᠭᠤᠳᠬᠤ ᠪᠤᠶᠤ ᠵᠥᠪᠯᠡᠯᠴᠡᠭᠡᠷ ᠢᠶᠠᠷ ᠲᠣᠮᠢᠯᠠᠨ ᠰᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠨᠢᠯᠬ᠎ᠠ ᠬᠡᠤᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠥᠷᠨᠢᠭᠦᠯᠦᠨ᠎ᠡ᠃ ᠬᠡᠤᠬᠡᠳ ᠢ ᠬᠠᠷᠠᠭᠠᠯᠵᠠᠨ ᠠᠰᠠᠷᠠᠬᠤ ᠵᠢᠯᠣᠭᠤᠳᠣᠯᠭ᠎ᠠ ᠶᠢ ᠴᠢᠩᠭᠠᠳᠬᠠᠬᠤ ᠲᠠᠯ᠎ᠠ ᠪᠠᠷ᠂ ᠰᠢᠶᠠᠨ ᠤ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠢᠢᠨ ᠬᠡᠤᠬᠡᠳ ᠰᠠᠭᠠᠲᠠᠭᠤᠯᠬᠤ ᠪᠠᠶᠢᠭᠤᠯᠤᠮᠵᠢ ᠯᠤᠭ᠎ᠠ ᠬᠠᠷᠢᠯᠴᠠᠭ᠎ᠠ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠡᠷ ᠲᠤᠨᠢ ᠬᠦᠷᠴᠦ ᠵᠣᠯᠭᠠᠭᠤᠯᠬᠤ ᠪᠠ ᠵᠢᠯᠣᠭᠤᠳᠬᠤ ᠶᠢ ᠵᠣᠷᠢᠭᠵᠢᠭᠤᠯᠤᠨ᠎ᠠ ᠭᠡᠵᠤ ᠲᠤᠷᠠᠳᠪᠠ᠃   ᠲᠠᠨᠢᠯᠴᠠᠭᠤᠯᠤᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠤᠬᠠᠭᠤᠯᠤᠨ ᠲᠠᠶᠢᠯᠪᠤᠷᠢᠯᠠᠬᠤ᠂ ᠠᠵᠢᠯᠲᠠᠨ ᠤ ᠪᠣᠯᠪᠠᠰᠤᠷᠠᠯ ᠪᠠ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠬᠤ ᠵᠡᠷᠭᠡ ᠠᠵᠢᠯ ᠢᠶᠠᠨ ᠴᠢᠩᠭᠠᠳᠬᠠᠵᠤ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠵᠢᠯᠣᠭᠤᠳᠬᠤ ᠰᠠᠨᠠᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠤᠯᠤᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 17 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ