ᠣᠷᠠᠳ ᠤᠨ ᠡᠮᠦᠨᠡᠲᠦ  ᠬᠤᠰᠢᠭᠤ᠄ ᠬᠢᠨᠠᠨ ᠪᠣᠳᠣᠯᠲᠠ ᠶᠢᠨ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ
ᠨᠡᠶᠢᠲᠡᠯᠡᠭᠰᠡᠨ ᠴᠠᠭ᠄
2023/10/23
   ᠡᠨᠡ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠰᠠᠯᠠᠭ᠎ᠠ ᠮᠥᠴᠢᠷ ᠪᠣᠯᠤᠨ ᠭᠤᠤᠯᠳᠠᠯᠭ᠎ᠠ ᠲᠠᠢ ᠪᠠᠯᠠ ᠮᠥᠩᠭᠦ ᠳᠤ ᠬᠢᠨᠠᠨ ᠪᠤᠳᠤᠯᠲᠠ ᠬᠢᠵᠦ ᠬᠢᠨᠠᠯᠲᠠ ᠲᠠᠯᠪᠢᠬᠤ ᠶᠢ ᠦᠨᠡᠨ ᠬᠦ  ᠴᠢᠩᠭᠠᠳᠬᠠᠨ᠂ ᠬᠢᠨᠠᠨ ᠪᠤᠳᠤᠯᠲᠠ ᠶᠢᠨ ᠦᠢᠯᠡᠳᠦᠯᠭᠡ ᠳᠤᠮᠳᠠ ︽ᠭᠤᠷᠪᠠ ᠶᠢ ᠢᠯᠭᠠᠨ ᠰᠠᠯᠭᠠᠬᠤ︾ ᠱᠠᠭᠠᠷᠳᠠᠯᠭ᠎ᠠ ᠶᠢᠨ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠰᠢᠵᠦ᠂ ᠬᠢᠨᠠᠨ ᠪᠤᠳᠤᠬᠤ ᠦᠵᠡᠯᠲᠡ ᠪᠠᠨ ᠬᠤᠪᠢᠷᠠᠭᠤᠯᠣᠨ᠂ ᠤᠯᠤᠰ ᠲᠥᠷᠥ ᠶᠢᠨ ᠵᠣᠭᠰᠣᠴᠠ ᠪᠣᠯᠤᠨ ᠲᠥᠷᠥ ᠶᠢᠨ ᠪᠣᠳᠣᠯᠭ᠎ᠠ ᠶᠢ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠨ ᠪᠤᠳᠤᠯᠲᠠ ᠶᠢᠨ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠶᠢ ᠨᠢ ᠬᠡᠯᠲᠦᠷᠢᠭᠦᠯᠬᠦ ᠲᠣᠭᠲᠠᠴᠠ ᠶᠢ ᠪᠠᠶᠢᠭᠤᠯᠤᠨ  ᠪᠦᠷᠢᠨᠰᠢᠬᠦᠯᠪᠡ᠃   ᠬᠢᠨᠠᠨ ᠪᠤᠳᠤᠯᠳᠠ ᠥᠷᠨᠢᠭᠦᠯᠬᠦ ᠶᠠᠪᠤᠴᠠ ᠳᠤ᠂ ᠬᠢᠨᠠᠨ ᠪᠤᠳᠤᠬᠤ ᠠᠵᠢᠯᠳᠠᠨ ᠠᠴᠠ ᠠᠰᠠᠭᠤᠳᠠᠯ ᠤᠨ ᠦᠩᠭᠡᠨ ᠲᠠᠯ᠎ᠠ ᠠᠴᠠ ᠰᠢᠯᠲᠠᠭᠠᠨ ᠢ ᠡᠷᠢᠵᠦ᠂ ᠬᠤᠪᠢᠰᠤᠩᠭᠤᠢ ᠰᠡᠳᠬᠢᠬᠦᠢ ᠪᠠᠷ ᠠᠰᠠᠭᠤᠳᠠᠯ ᠤᠨ ᠡᠭᠦᠰᠦᠭᠰᠡᠨ ᠰᠢᠯᠲᠠᠭᠠᠨ᠂ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠶᠠᠪᠤᠴᠠ᠂ ᠪᠤᠢ ᠪᠣᠯᠤᠭᠰᠠᠨ ᠦᠷ᠎ᠡ ᠳ᠋ᠦᠩ ᠵᠡᠷᠭᠡ ᠶᠢ ᠵᠠᠳᠠᠯᠣᠨ᠂ ᠰᠠᠬᠢᠯᠭ᠎ᠠ ᠪᠠᠲᠤ ᠪᠠ ᠬᠠᠤᠯᠢ ᠴᠠᠭᠠᠵᠠ ᠶᠢ ᠵᠢᠷᠤᠮᠯᠠᠬᠤ᠂ ᠠᠭᠤᠴᠢᠯᠠᠨ ᠪᠠᠭᠲᠠᠭᠠᠬᠤ ᠪᠠ ᠵᠠᠯᠠᠷᠠᠭᠤᠯᠬᠤ ᠶᠢ ᠵᠡᠷᠭᠡ ᠳᠤᠨᠢ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠂ ᠠᠰᠠᠭᠤᠳᠠᠯ  ᠤᠨ ᠦᠨᠡᠨ ᠢ ᠪᠠᠷᠢᠮᠲᠠᠯᠠᠨ ᠢᠯᠡᠷᠡᠭᠦᠯᠵᠦ ᠲᠣᠰᠬᠠᠪᠠ᠃ ᠲᠡᠳᠡ ᠪᠠᠰᠠ ᠬᠢᠨᠠᠨ ᠪᠤᠳᠤᠯᠲᠠ ᠳᠤ ᠢᠯᠡᠷᠡᠭᠦᠯᠦᠭᠰᠡᠨ ᠬᠦᠴᠢᠷ ᠲᠦᠪᠡᠭᠲᠡᠶ ᠨᠠᠷᠢᠨ ᠪᠤᠳᠤᠯᠢᠶᠠᠨᠲᠠᠶ ᠠᠰᠠᠭᠤᠳᠠᠯ ᠳᠤ᠂ ᠪᠣᠳᠠᠲᠠᠶ ᠠᠰᠠᠭᠤᠳᠠᠯ ᠢ ᠪᠣᠳᠠᠲᠠᠶ ᠪᠠᠷ ᠵᠠᠳᠠᠯᠬᠤ ᠠᠷᠭ᠎ᠠ ᠶᠢ ᠠᠪᠴᠤ᠂ ᠥᠭᠡᠷᠡᠴᠢᠯᠡᠯᠲᠡ ᠶᠢᠨ ᠴᠢᠭᠯᠡᠯ ᠳᠤ ᠨᠡᠶᠢᠴᠡᠭᠰᠡᠨ᠂ ᠭᠤᠤᠯᠴᠢ ᠰᠠᠨᠠᠭ᠎ᠠ ᠠᠴᠠ ᠡᠭᠦᠰᠦᠭᠰᠡᠨ᠂ ᠲᠤᠷᠰᠢᠯᠭ᠎ᠠ ᠳᠤᠲᠠᠮᠠᠭ ᠠᠴᠠ ᠪᠣᠯᠵᠣ ᠢᠯᠡᠷᠡᠭᠰᠡᠨ ᠠᠯᠳᠠᠭ᠎ᠠ ᠪᠤᠷᠤᠭᠤ ᠵᠡᠷᠭᠡ ᠶᠢ ᠬᠢᠨᠠᠭᠤᠷ ᠪᠣᠯᠭᠤᠮᠵᠢᠲᠠᠶ ᠪᠠᠷ ᠰᠢᠢᠳᠪᠦᠷᠢᠯᠡᠵᠦ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢ ᠵᠢᠯᠣᠭᠤᠳᠤᠨ ᠬᠠᠪᠰᠤᠷᠴᠤ ᠪᠠᠶᠢᠭᠠᠳ ᠠᠰᠠᠭᠤᠳᠠᠯ ᠤᠨ ᠰᠢᠯᠲᠠᠭᠠᠨ ᠢ ᠵᠠᠳᠠᠯᠵᠤ᠂ ᠰᠢᠨ᠎ᠡ ᠲᠦᠷᠢᠮ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠰᠢᠢᠳᠪᠦᠷᠢᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠠᠯᠳᠠᠭ᠎ᠠ ᠪᠤᠷᠤᠭᠤ ᠶᠢ ᠠᠭᠤᠴᠢᠯᠠᠨ ᠰᠢᠢᠳᠪᠦᠷᠢᠯᠡᠵᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠶᠢᠨ ᠣᠷᠭᠠᠨᠢᠭ ᠨᠢᠭᠡᠳᠦᠯ ᠢ ᠪᠡᠶᠡᠯᠡᠬᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ