ᠣᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠠᠯᠠ ᠮᠥᠩᠭᠦ ᠶᠢᠨ ᠣᠷᠣᠭᠤᠯᠤᠯᠲᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/10/23
   ᠣᠶᠢᠷ᠎ᠠ ᠳᠤ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ  ᠣᠷᠠᠳ ᠤᠨ ᠡᠮᠦᠨᠡᠲᠦ ᠬᠤᠰᠢᠭᠤᠨ ᠤ ᠰᠠᠯᠪᠤᠷᠢ ᠪᠠᠩᠬᠢ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠠᠯᠠ ᠮᠥᠩᠭᠦ ᠶᠢᠨ ᠬᠠᠩᠭᠠᠯᠭ᠎ᠠ ᠪᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢ ᠪᠥᠬᠦ ᠪᠠᠩᠬᠢ ᠶᠢᠨ ᠴᠢᠬᠤᠯᠠ ᠠᠵᠢᠯ ᠢᠶᠠᠨ ᠪᠣᠯᠭᠠᠵᠤ᠂ ᠲᠠᠷᠢᠶᠠᠯᠠᠩ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠩᠬᠢ ᠶᠢᠨ ᠡᠭᠦᠷᠭᠡ ᠴᠢᠳᠠᠪᠤᠷᠢ ᠶᠢ ᠪᠠᠳᠠᠷᠠᠭᠤᠯᠤᠨ᠂ ᠡᠷᠲᠡᠬᠡᠨ ᠪᠠᠶᠢᠷᠢᠯᠠᠭᠤᠯᠤᠨ᠂ ᠡᠷᠲᠡᠬᠡᠨ ᠨᠠᠶᠢᠳᠠᠪᠤᠷᠢᠵᠢᠭᠤᠯᠵᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠠᠯᠠ ᠮᠥᠩᠭᠦ ᠶᠢᠨ ᠣᠷᠣᠭᠤᠯᠤᠯᠲᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ  ᠪᠠᠲᠣᠯᠠᠵᠤ ᠪᠠᠶᠢᠨ᠎ᠠ᠃ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠬᠦᠯᠪᠡ᠃ ᠲᠣᠰ ᠪᠠᠩᠬᠢ ᠨᠢ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠬᠦ ᠰᠢᠨ᠎ᠡ ᠬᠠᠷᠠᠯᠲᠠ᠂ ᠰᠢᠨ᠎ᠡ ᠡᠭᠦᠷᠭᠡ ᠶᠢ ᠪᠣᠳᠠᠲᠠᠶ ᠠᠵᠢᠯᠯᠠᠭ᠎ᠠ ᠪᠠᠨ ᠪᠣᠯᠭᠠᠨ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠷᠢᠳᠴᠢᠯᠠᠨ ᠪᠠᠶᠢᠳᠠᠯ ᠢ ᠤᠶᠢᠯᠠᠭᠠᠨ ᠰᠤᠷᠪᠤᠯᠵᠢᠯᠠᠵᠤ᠂ ᠬᠠᠷᠢᠴᠠᠭᠠᠨ ᠤ ᠡᠷᠦᠬᠡ ᠶᠢᠨ ᠪᠦᠲᠦᠴᠡ ᠶᠢ ᠰᠢᠯᠢᠳᠡᠭᠵᠢᠬᠦᠯᠦᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠪᠣᠯᠤᠨ ᠲᠠᠷᠢᠶᠠᠯᠠᠩ ᠢ ᠳᠡᠮᠵᠢᠭᠰᠡᠨ ᠦᠷ᠎ᠡ ᠪᠦᠲᠦᠮᠵᠢ ᠶᠢ ᠢᠳᠡᠪᠬᠢᠲᠡᠶ ᠤᠬᠠᠭᠤᠯᠵᠤ᠂ ᠲᠠᠷᠢᠶᠠᠯᠠᠩ ᠤᠨ ᠬᠥᠭᠵᠢᠯᠲᠡ ᠶᠢᠨ ᠪᠠᠩᠬᠢ ᠶᠢᠨ ︽ᠠᠮᠤ ᠪᠤᠳᠠᠭᠠᠨ ᠤ ᠪᠠᠩᠬᠢ︾ ᠶᠢᠨ  ᠦᠢᠯᠡᠳᠦᠯ ᠢ  ᠪᠠᠳᠠᠷᠠᠭᠤᠯᠪᠠ᠃    ᠦᠢᠯᠡᠴᠢᠯᠡᠬᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠬᠦᠯᠪᠡ᠃ ᠬᠠᠷᠢᠴᠠᠭᠠᠨ ᠤ ᠡᠷᠦᠬᠡ ᠪᠠᠷ ᠭᠤᠤᠯ ᠪᠣᠯᠭᠠᠬᠤ ᠣᠨᠣᠯᠵᠢᠬᠤᠨ ᠢ ᠪᠣᠶ ᠪᠣᠯᠭᠠᠵᠤ᠂ ︽ᠮᠥᠩᠭᠦᠨ ᠬᠦᠢᠯᠭᠡᠭᠡᠨ ᠤ ᠪᠦᠯᠬᠦᠮ ᠨᠡᠶᠢᠲᠡ + ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ︾ ᠶᠢᠨ ᠬᠡᠯᠪᠡᠷᠢ ᠪᠠᠷ ᠠᠮᠤ ᠪᠣᠳᠠᠭᠠᠨ ᠤ ᠬᠠᠷᠢᠴᠠᠭᠠᠨ ᠤ ᠡᠷᠦᠬᠡ ᠳᠤ ᠦᠢᠯᠡᠴᠢᠯᠡᠵᠦ᠂ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠠᠵᠤ ᠠᠬᠤᠶᠢᠯᠠᠯ ᠳᠤ ᠲᠤᠰᠬᠠᠶ ᠬᠠᠷᠢᠴᠠᠭᠠᠨ ᠤ ᠡᠷᠦᠬᠡ ᠶᠢᠨ ᠳᠠᠭᠠᠭᠠᠮᠠᠯ ᠲᠣᠬᠢᠷᠠᠭᠤᠯᠤᠨ ᠥᠭᠴᠦ ᠨᠡᠪᠲᠡᠷᠡᠯᠴᠡᠭᠦᠯᠦᠨ ᠵᠣᠯᠭᠠᠭᠤᠯᠵᠤ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠢᠴᠡᠳ ᠠᠰᠢᠭᠯᠠᠨ᠂ ᠮᠥᠩᠭᠦᠨ ᠬᠦᠢᠯᠬᠡᠬᠡᠨ ᠤ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠠᠷᠢᠴᠠᠭᠠᠨ ᠤ ᠡᠷᠦᠬᠡ ᠶᠢᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠦᠨᠡᠨᠴᠢ ᠰᠢᠳᠤᠷᠭᠤ ᠪᠠᠶᠢᠬᠤ ᠬᠡᠮᠵᠢᠶ᠎ᠡ ᠶᠢ ᠳᠡᠭᠡᠭᠰᠢᠯᠡᠬᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ