ᠮᠤᠵᠢ ᠶᠢᠨ ᠵᠠᠮ 215 ᠱᠤᠭᠤᠮ ᠤᠨ ᠣᠣᠪᠣᠯᠠᠭ ᠤᠨ ᠠᠮᠠ ᠠᠴᠠ ᠰᠢᠨ ᠠᠨ ︵ᠣᠷᠠᠳ ᠤᠨ ᠡᠮᠦᠨᠡᠲᠦ ᠬᠤᠰᠢᠭᠤᠨ ᠤ ᠬᠡᠰᠡᠭ︶ ᠬᠦᠷᠬᠦ ᠵᠠᠰᠠᠮᠠᠯ | ᠵᠠᠮ ᠤᠨ ᠪᠠᠷᠢᠯᠭ᠎ᠠ ᠶᠢᠨ ᠤᠷᠤᠭᠰᠢᠲᠠᠶ ᠪᠥᠭᠡᠳ ᠠᠮᠤᠷ ᠲᠦᠪᠰᠢᠨ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠤᠨ 29 ᠳ᠋ᠦ᠋ᠭᠡᠷ | ᠵᠦᠢᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ | ᠤᠨ 35 ᠳ᠋ᠤᠭᠠᠷ ᠵᠦᠢᠯ᠂ ︽ᠵᠠᠰᠠᠮᠠᠯ ᠵᠠᠮ ᠤᠨ ᠠᠮᠤᠷ ᠲᠦᠪᠰᠢᠨ ᠢ ᠪᠠᠲᠤᠯᠠᠬᠤ ᠳᠦᠷᠢᠮ︾ ᠤᠨ 51 ᠳ᠋ᠦ᠋ᠭᠡᠷ ᠵᠦᠢᠯ ᠤᠨ ᠲᠣᠭᠲᠠᠭᠠᠯ ᠢ ᠦᠨᠳᠦᠰᠦᠯᠡᠨ | ᠂ ᠪᠠᠷᠢᠯᠭ᠎ᠠ ᠪᠠᠷᠢᠬᠤ ᠬᠤᠭᠤᠴᠠᠭᠠᠨ ᠳᠤ ᠦᠵᠦᠬᠦᠷ ᠭᠤᠣᠯ ᠤᠨ ᠳᠤᠮᠳᠠ ᠬᠥᠭᠦᠷᠭᠡ ︵K50 + 041︶ ᠶᠢ ᠪᠢᠲᠡᠭᠦᠮᠵᠢᠯᠡᠨ ᠬᠠᠮᠢᠶᠠᠷᠣᠨ᠎ᠠ᠂ ᠡᠳᠦᠭᠡ | ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠪᠠ᠄ | ᠨᠢᠭᠡ᠂ ᠪᠢᠲᠡᠭᠦᠮᠵᠢᠯᠡᠬᠦ ᠬᠡᠪᠴᠢᠶ᠎ᠡ᠄ ᠮᠤᠵᠢ ᠶᠢᠨ ᠵᠠᠮ S215 ᠱᠤᠭᠤᠮ K50 + 041 ︵ᠦᠵᠦᠬᠦᠷ ᠭᠤᠤᠯ ᠤᠨ ᠳᠤᠮᠳᠠ ᠬᠥᠭᠦᠷᠭᠡ︶ | ᠬᠤᠶᠠᠷ᠂ ᠪᠢᠲᠡᠭᠦᠮᠵᠢᠯᠡᠨ ᠪᠠᠷᠢᠯᠭ᠎ᠠ ᠪᠠᠷᠢᠬᠤ ᠴᠠᠭ᠄ 2023 ᠣᠨ ᠤ 10 ᠰᠠᠷ᠎ᠠ ᠶᠢᠨ 23 ᠤ ᠡᠳᠦᠷ ᠠᠴᠠ 2023 ᠣᠨ ᠤ 12 ᠰᠠᠷ᠎ᠠ ᠶᠢᠨ | 31 ᠤ ᠡᠳᠦᠷ ᠪᠣᠯᠲᠠᠯ᠎ᠠ ︵ᠬᠡᠷᠪᠡ ᠲᠣᠰ ᠴᠠᠭ ᠬᠤᠭᠤᠴᠠᠭᠠᠨ ᠳᠤ ᠪᠠᠷᠢᠯᠭ᠎ᠠ ᠳᠠᠭᠤᠰᠤᠭᠠᠳᠤᠶ ᠪᠣᠯ ᠪᠢᠲᠡᠭᠦᠮᠵᠢᠯᠡᠨ ᠪᠠᠷᠢᠬᠤ ᠴᠠᠭ ᠢ ᠪᠠᠷᠢᠯᠭ᠎ᠠ ᠳᠠᠭᠤᠰᠬᠤ | ᠡᠳᠦᠷ ᠪᠣᠯᠲᠠᠯ᠎ᠠ ᠬᠤᠶᠢᠰᠢᠯᠠᠭᠤᠯᠤᠨ᠎ᠠ︶᠃ | ᠭᠤᠷᠪᠠ᠂ ᠪᠢᠲᠡᠭᠦᠮᠵᠢᠯᠡᠨ ᠪᠠᠷᠢᠯᠭ᠎ᠠ ᠪᠠᠷᠢᠬᠤ ᠬᠤᠭᠤᠴᠠᠭᠠᠨ ᠳᠤ᠂ ᠲᠡᠷᠭᠡ ᠬᠥᠰᠬᠡ ᠶᠢᠨ ᠲᠣᠭᠤᠷᠢᠵᠤ ᠶᠠᠪᠤᠬᠤ ᠵᠠᠮ ᠱᠤᠭᠤᠮ ᠨᠢ ᠳᠤᠤᠷᠠᠬᠢ ᠮᠡᠲᠦ᠄ | ᠤᠷᠠᠳ ᠤᠨ ᠡᠮᠦᠨᠡᠲᠦ ᠬᠤᠰᠢᠭᠤ ᠠᠴᠠ ᠰᠤᠳᠠᠯ ᠤᠨ ᠬᠤᠳᠳᠤᠭ ᠪᠠᠯᠭᠠᠰᠤᠨ ᠳᠤ ᠣᠴᠢᠬᠤ ᠳᠤ G110 ᠠᠴᠠ ᠨᠠᠢᠮᠠᠳᠤᠭᠠᠷ ᠲᠠᠲᠠᠷᠠᠭᠤᠯᠬᠤ | ᠰᠣᠪᠠᠭ ᠬᠦᠷᠦᠭᠡᠳ X707 ︵ᠰᠢᠨ ᠰᠦ᠋ ᠱᠤᠭᠤᠮ︶ ᠵᠠᠮ ᠢᠶᠠᠷ ᠰᠤᠳᠠᠯ ᠤᠨ ᠬᠤᠳᠳᠤᠭ ᠪᠠᠯᠭᠠᠰᠤᠨ ᠳᠤ ᠬᠦᠷᠦᠨ᠎ᠡ᠃ | ᠰᠤᠳᠠᠯ ᠤᠨ ᠬᠤᠳᠳᠤᠭ ᠪᠠᠯᠭᠠᠰᠣ ᠠᠴᠠ ᠤᠷᠠᠳ ᠤᠨ ᠡᠮᠦᠨᠡᠲᠦ ᠬᠤᠰᠢᠭᠤᠨ ᠳᠤ ᠣᠴᠢᠬᠤ ᠳᠤ ᠰᠤᠳᠠᠯ ᠤᠨ ᠬᠤᠳᠳᠤᠭ ᠪᠠᠯᠭᠠᠰᠣ ᠠᠴᠠ X707 | ︵ᠰᠢᠨ ᠰᠦ᠋ ᠱᠤᠭᠤᠮ︶ ᠵᠠᠮ ᠳᠤ ᠭᠠᠷᠴᠣ᠂ ᠨᠠᠢᠮᠠᠳᠤᠭᠠᠷ ᠲᠠᠲᠠᠷᠠᠭᠤᠯᠬᠤ ᠰᠣᠪᠠᠭ ᠬᠦᠷᠦᠬᠡᠳ G 110 ᠤᠯᠤᠰ ᠤᠨ ᠵᠠᠮ ᠢᠶᠠᠷ ᠤᠷᠠᠳ ᠤᠨ | ᠡᠮᠦᠨᠡᠲᠦ ᠬᠤᠰᠢᠭᠤᠨ ᠳᠤ ᠬᠦᠷᠦᠨ᠎ᠡ ᠃ | ᠳᠦᠷᠪᠡ᠂ ᠨᠠᠰᠢ ᠴᠠᠰᠢ ᠥᠩᠭᠡᠷᠡᠬᠦ ᠲᠡᠷᠭᠡ ᠪᠠ ᠶᠠᠪᠠᠭᠠᠨ ᠬᠥᠮᠦᠨ ᠵᠠᠮ ᠬᠠᠷᠢᠯᠴᠠᠭᠠᠨ ᠤ ᠲᠡᠮᠳᠡᠭ ᠤᠨ ᠵᠢᠭᠠᠯᠲᠠ ᠪᠠᠷ ᠶᠠᠪᠤᠵᠤ᠂ ᠵᠠᠮ ᠬᠠᠷᠢᠯᠴᠠᠭᠠᠨ ᠤ | ᠠᠮᠤᠷ ᠲᠦᠪᠰᠢᠨ ᠢ ᠠᠩᠬᠠᠷᠴᠤ᠂ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠠᠵᠢᠯᠲᠠᠨ ᠤ ᠵᠢᠯᠣᠭᠤᠳᠤᠯᠭ᠎ᠠ ᠶᠢ ᠳᠠᠭᠠᠬᠤ ᠬᠡᠷᠡᠭᠲᠡᠶ᠃ | ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠳᠥᠭᠦᠮ ᠦᠭᠡᠢ ᠪᠣᠯᠤᠭᠰᠠᠨ ᠢ ᠣᠶᠢᠯᠠᠭᠠᠨ ᠠᠭᠤᠴᠢᠯᠠᠬᠤ ᠪᠤᠯᠪᠠᠣ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2023 ᠣᠨ ᠤ 10 ᠰᠠᠷ᠎ᠠ ᠶᠢᠨ 23 ᠤ ᠡᠳᠦᠷ | |