ᠪᠥᠬᠦ ᠬᠤᠲᠠ ᠶᠢᠨ ᠬᠤᠲᠠ ᠪᠠᠯᠭᠠᠰᠤ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ | ᠠᠷᠭᠠᠴᠠᠬᠤ ᠶᠢᠨ ᠳᠠᠭᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠯᠣᠭᠤᠳᠤᠨ ᠵᠢᠷᠤᠮᠵᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠤᠲᠠ ᠪᠠᠯᠭᠠᠰᠤ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ ᠡᠮᠬᠢ ᠵᠢᠷᠤᠮ ᠲᠠᠢ ᠰᠠᠶᠢᠲᠤᠷ ᠬᠢᠬᠦ ᠶᠢᠨ ᠲᠤᠰᠠᠳᠠ᠂ ᠮᠠᠨ ᠤ ᠬᠤᠲᠠ ︽ | ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︵ᠳᠣᠷᠣᠭᠰᠢ ︽ᠪᠡᠯᠡᠳᠬᠡᠯ | ᠲᠥᠰᠥᠯ︾ ᠭᠡᠵᠦ ᠲᠣᠪᠴᠢᠯᠠᠨ᠎ᠠ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ 2022 ᠣᠨ ᠤ 12 ᠳ᠋ᠤᠭᠠᠷ ᠰᠠᠷ᠎ᠠ ᠳᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ᠂ ᠬᠤᠲᠠ ᠶᠢᠨ ᠤᠰᠤ ᠬᠠᠩᠭᠠᠬᠤ ᠭᠡᠨᠡᠳᠲᠡ ᠶᠢᠨ ᠬᠡᠷᠡᠭ | ᠂ ᠢᠯᠴᠢ ᠬᠠᠩᠭᠠᠬᠤ ᠠᠳᠡᠯ᠂ ᠰᠢᠲᠠᠮᠠᠬᠠᠢ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 96 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ︽ᠳᠣᠣᠷᠠᠳᠤ ᠱᠠᠲᠤᠨ ᠤ | ᠪᠡᠯᠡᠳᠬᠡᠯ ᠲᠥᠰᠥᠯ ᠨᠢ ᠳᠡᠭᠡᠳᠦ ᠱᠠᠲᠤᠨ ᠤ ᠪᠡᠯᠡᠳᠬᠡᠯ ᠲᠥᠰᠥᠯ ᠢ ᠳᠠᠭᠠᠬᠤ︾ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ | ᠵᠣᠯᠭᠠᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠲᠦᠷᠦᠭᠦᠯᠡᠨ ︽ᠪᠡᠯᠡᠳᠬᠡᠯ ᠲᠥᠰᠥᠯ︾ ᠢ ᠲᠤᠭᠤᠷᠪᠢᠵᠤ ᠨᠠᠶᠢᠷᠠᠭᠤᠯᠤᠨ ᠵᠣᠬᠢᠶᠠᠪᠠ᠃ | ᠬᠤᠶᠠᠷ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠬᠤ ᠦᠨᠳᠦᠰᠦᠯᠡᠯ ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ | ᠠᠷᠭᠠᠴᠠᠬᠤ ᠬᠠᠤᠯᠢ︾ ︽ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠬᠤ ᠳᠦᠷᠢᠮ︾ ︽ᠦᠢᠯᠡᠳᠪᠦᠷᠢᠯᠡᠯ ᠤᠨ ᠠᠶᠤᠯ ᠦᠭᠡᠢ ᠶᠢᠨ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠡᠨᠡᠳᠲᠡ ᠶᠢᠨ ᠬᠡᠷᠡᠭ ᠤᠨ ᠶᠡᠷᠦᠩᠬᠡᠢ ᠪᠠᠴᠢᠮ ᠪᠠᠶᠢᠳᠠᠯ ᠢ ᠠᠷᠭᠠᠴᠠᠬᠤ ᠲᠥᠰᠥᠯ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ᠵᠡᠷᠭᠡ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ᠂ ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠢᠯᠴᠢ ᠬᠠᠩᠭᠠᠬᠤ ᠠᠵᠢᠯ ᠤᠨ | ᠪᠣᠳᠠᠲᠠᠢ ᠲᠠᠢ ᠤᠶᠠᠯᠳᠤᠭᠤᠯᠤᠨ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠨ᠎ᠠ᠃ | ᠭᠤᠷᠪᠠ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠶᠠᠪᠤᠴᠠ ᠬᠤᠲᠠ ᠶᠢᠨ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ 2023 ᠣᠨ ᠤ 2 ᠰᠠᠷ᠎ᠠ ᠳᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ︽ᠪᠡᠯᠡᠳᠬᠡᠯ ᠲᠥᠰᠥᠯ︾ ᠢ ᠲᠤᠭᠤᠷᠪᠢᠬᠤ ᠠᠵᠢᠯ ᠢ ᠡᠬᠢᠯᠡᠨ ᠬᠢᠵᠦ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠢ ᠵᠣᠬᠢᠶᠠᠨ | ᠪᠠᠶᠢᠭᠤᠯᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ | ᠰᠤᠷᠤᠯᠴᠠᠭᠤᠯᠵᠤ᠂ ᠲᠤᠭᠤᠷᠪᠢᠨ ᠪᠢᠴᠢᠬᠦ ᠶᠠᠪᠤᠴᠠ ᠳᠤ ᠪᠥᠬᠦ ᠬᠤᠲᠠ ᠶᠢᠨ ᠬᠤᠲᠠ ᠪᠠᠯᠭᠠᠰᠤ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠤᠨ ᠪᠣᠳᠠᠲᠤ ᠬᠡᠷᠡᠭᠴᠡᠭᠡ ᠳᠤ ᠰᠠᠭᠤᠷᠢᠯᠠᠨ᠂ ᠪᠡᠯᠡᠳᠬᠡᠯ ᠲᠥᠰᠥᠯ ᠤᠨ ᠠᠭᠤᠯᠭ᠎ᠠ ᠶᠢ ᠨᠢᠭᠡᠳ ᠨᠢᠭᠡ ᠪᠠᠷ | ᠨᠠᠷᠢᠯᠢᠭᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠳᠠᠭᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ ︽ᠪᠡᠯᠡᠳᠬᠡᠯ ᠲᠥᠰᠥᠯ︾ ᠤᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ | ᠠᠵᠢᠯᠯᠠᠭᠠᠨ ᠤ ᠴᠢᠨᠠᠷ ᠲᠠᠢ ᠪᠠᠶᠢᠬᠤ ᠶᠢ ᠦᠨᠡᠨᠬᠦ ᠪᠠᠲᠤᠯᠠᠪᠠ᠃ 2023 ᠣᠨ ᠤ 6 ᠰᠠᠷ᠎ᠠ ᠳᠤ᠂ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠰᠠᠨᠠᠯ ᠬᠤᠷᠢᠶᠠᠵᠤ᠂ ᠬᠤᠷᠢᠶᠠᠭᠰᠠᠨ ᠰᠠᠨᠠᠯ ᠰᠠᠨᠠᠭᠤᠯᠭ᠎ᠠ ᠶᠢ ᠦᠨᠳᠦᠰᠦᠯᠡᠨ᠂ ︽ | ᠪᠡᠯᠡᠳᠬᠡᠯ ᠲᠥᠰᠥᠯ︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2023 ᠣᠨ ᠤ 9 ᠰᠠᠷ᠎ᠠ ᠳᠤ᠂ ︽ᠪᠡᠯᠡᠳᠬᠡᠯ | ᠲᠥᠰᠥᠯ︾ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠪᠡᠶᠡᠯᠡᠭᠦᠯᠪᠡ᠃ | ᠳᠥᠷᠪᠡ᠂ ︽ᠪᠡᠯᠡᠳᠬᠡᠯ ᠲᠥᠰᠥᠯ︾ ᠤᠨ ᠭᠤᠣᠯ ᠠᠭᠤᠯᠭ᠎ᠠ ︽ᠪᠡᠯᠡᠳᠬᠡᠯ ᠲᠥᠰᠥᠯ︾ ᠨᠢ ᠨᠡᠶᠢᠲᠡ ᠶᠢᠰᠦᠨ ᠪᠦᠯᠦᠭ ᠲᠠᠢ᠂ ᠲᠣᠰ ᠲᠣᠰ | ᠶᠡᠷᠦᠩᠬᠡᠢ ᠳᠦᠷᠢᠮ᠂ ᠲᠦᠭᠰᠢᠭᠦᠷᠢ ᠶᠢ ᠢᠯᠭᠠᠨ ᠲᠠᠨᠢᠬᠤ ᠪᠠ ᠠᠳᠡᠯ ᠤᠨ ᠲᠠᠰ ᠬᠤᠪᠢᠶᠠᠬᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ | ᠲᠤᠰᠢᠶᠠᠯ ᠬᠠᠷᠢᠭᠤᠴᠠᠯᠭ᠎ᠠ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠪᠡᠯᠡᠳᠬᠡᠯ ᠲᠥᠰᠥᠯ ᠤᠨ | ᠬᠠᠮᠢᠶᠠᠷᠤᠯᠲᠠ᠂ ᠳᠠᠭᠠᠯᠳᠤᠭᠤᠯᠤᠭᠰᠠᠨ ᠳᠦᠷᠢᠮ ᠪᠣᠯᠣᠨ᠎ᠠ᠃ | ᠨᠢᠭᠡᠳᠦᠭᠡᠷ ᠬᠡᠰᠡᠭ᠄ ᠶᠡᠷᠦᠩᠬᠡᠢ ᠳᠦᠷᠢᠮ᠃ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ | ᠂ ᠠᠵᠢᠯ ᠤᠨ ᠵᠠᠷᠴᠢᠮ᠂ ᠪᠡᠯᠡᠳᠬᠡᠯ ᠲᠥᠰᠥᠯ ᠤᠨ ᠰᠢᠰᠲ᠋ᠧᠮ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ | ︵ᠬᠤᠶᠠᠷ︶ ᠬᠤᠶᠠᠳᠤᠭᠠᠷ ᠬᠡᠰᠡᠭ᠄ ᠲᠦᠭᠰᠢᠭᠦᠷᠢ ᠶᠢ ᠢᠯᠭᠠᠨ ᠲᠠᠨᠢᠬᠤ ᠪᠠ ᠠᠳᠡᠯ ᠢ ᠲᠡᠰ ᠬᠤᠪᠢᠶᠠᠬᠤ᠃ ᠠᠳᠡᠯ ᠭᠠᠷᠭᠠᠵᠤ ᠮᠡᠳᠡᠬᠦ ᠭᠤᠣᠯ | ᠠᠶᠤᠯ ᠲᠦᠭᠰᠢᠭᠦᠷᠢ᠂ ᠠᠳᠡᠯ ᠤᠨ ᠲᠡᠰ ᠬᠤᠪᠢᠶᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ︵ᠭᠤᠷᠪᠠ︶ ᠭᠤᠷᠪᠠᠳᠤᠭᠠᠷ ᠬᠡᠰᠡᠭ᠄ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ᠃ ᠬᠤᠲᠠ ᠶᠢᠨ ᠱᠠᠲᠤᠨ ᠤ | ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ᠂ ᠬᠤᠰᠢᠭᠤ ᠰᠢᠶᠠᠨ ᠤ ᠱᠠᠲᠤᠨ ᠤ ᠪᠠᠴᠢᠮ ᠪᠠᠶᠢᠳᠠᠯ ᠢ | ᠠᠷᠭᠠᠴᠠᠬᠤ ᠵᠢᠯᠤᠭᠤᠳᠬᠤ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ᠂ ᠢᠯᠴᠢ ᠬᠠᠩᠭᠠᠬᠤ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠵᠣᠬᠢᠶᠠᠨ | ᠪᠠᠶᠢᠭᠤᠯᠤᠯᠲᠠ ᠬᠢᠭᠡᠳ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ | ︵ᠳᠥᠷᠪᠡ︶ ᠳᠥᠷᠪᠡᠳᠦᠭᠡᠷ ᠬᠡᠰᠡᠭ᠄ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠨ᠎ᠡ᠃ | ᠲᠦᠭᠰᠢᠭᠦᠷᠢ ᠶᠢ ᠰᠡᠷᠭᠡᠶᠢᠯᠡᠬᠦ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠲᠠᠰ ᠬᠤᠪᠢᠶᠠᠬᠤ᠂ ᠤᠷᠢᠳᠴᠢᠯᠠᠨ | ᠰᠡᠷᠡᠮᠵᠢᠯᠡᠭᠦᠯᠬᠦ ᠶᠢ ᠨᠡᠶᠢᠲᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ | ︵ᠲᠠᠪᠤ︶ ᠲᠠᠪᠤᠳᠤᠭᠠᠷ ᠬᠡᠰᠡᠭ᠄ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠃ ᠱᠠᠲᠤ ᠬᠤᠪᠢᠶᠠᠨ ᠠᠷᠭᠠᠴᠠᠬᠤ᠂ ᠳᠠᠭᠠᠬᠤ ᠶᠢ ᠲᠠᠰ | ᠬᠤᠪᠢᠶᠠᠬᠤ᠂ ᠤᠷᠢᠳᠠᠪᠠᠷ ᠰᠢᠢᠳᠪᠦᠷᠢᠯᠡᠬᠦ᠂ ᠱᠠᠲᠤ ᠬᠤᠪᠢᠶᠠᠨ ᠰᠢᠢᠳᠪᠦᠷᠢᠯᠡᠬᠦ᠂ ᠮᠡᠳᠡᠭᠡ ᠵᠠᠩᠭᠢ ᠨᠡᠶᠢᠲᠡᠯᠡᠬᠦ᠂ ᠳᠠᠭᠠᠬᠤ ᠶᠢ ᠳᠠᠭᠤᠰᠬᠠᠬᠤ ᠵᠡᠷᠭᠡ | ᠠᠭᠤᠯᠭ᠎ᠠ ᠶᠢ ᠲᠣᠳᠣᠷᠬᠠᠶᠢᠯᠠᠨ᠎ᠠ᠃ | ︵ᠵᠢᠷᠭᠤᠭ᠎ᠠ︶ ᠵᠢᠷᠭᠤᠳᠤᠭᠠᠷ ᠬᠡᠰᠡᠭ᠄ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠠᠵᠢᠯ᠃ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ | ᠪᠠᠶᠢᠴᠠᠭᠠᠨ ᠦᠨᠡᠯᠡᠬᠦ ᠵᠡᠷᠭᠡ ᠠᠭᠤᠯᠭ᠎ᠠ ᠶᠢ ᠲᠣᠳᠣᠷᠬᠠᠢ ᠪᠣᠯᠭᠠᠪᠠ᠃ | ︵ᠳᠣᠯᠤᠭ᠎ᠠ︶ ᠳᠣᠯᠣᠳᠤᠭᠠᠷ ᠬᠡᠰᠡᠭ᠄ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠃ ᠴᠢᠮᠡᠭᠡ ᠬᠤᠯᠪᠣᠭᠠᠨ ᠤ ᠪᠠᠲᠤᠯᠠᠭ᠎ᠠ᠂ ᠡᠩᠨᠡᠭᠡᠨ ᠤ | ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠵᠠᠮ ᠬᠠᠷᠢᠯᠴᠠᠭᠠᠨ ᠤ ᠪᠠᠲᠤᠯᠠᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ | ︵ᠨᠠᠢᠮᠠ︶ ᠨᠠᠢᠮᠠᠳᠤᠭᠠᠷ ᠬᠡᠰᠡᠭ᠄ ᠪᠡᠯᠡᠳᠬᠡᠯ ᠲᠥᠰᠥᠯ ᠤᠨ ᠬᠠᠮᠢᠶᠠᠷᠤᠯᠲᠠ᠃ ᠤᠬᠠᠭᠤᠯᠤᠨ ᠪᠣᠯᠪᠠᠰᠤᠷᠠᠭᠤᠯᠬᠤ᠂ ᠪᠡᠯᠡᠳᠬᠡᠯ ᠲᠥᠰᠥᠯ ᠳᠤ | ᠵᠠᠰᠠᠪᠤᠷᠢ ᠣᠷᠣᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ | ︵ᠶᠢᠰᠦ︶ ᠶᠢᠰᠦᠳᠦᠭᠡᠷ ᠬᠡᠰᠡᠭ᠄ ᠳᠠᠭᠠᠯᠳᠤᠭᠤᠯᠤᠭᠰᠠᠨ ᠳᠦᠷᠢᠮ᠃ ︽ᠪᠡᠯᠡᠳᠬᠡᠯ ᠲᠥᠰᠥᠯ︾ ᠤᠨ ᠬᠦᠴᠦᠨ ᠲᠠᠢ ᠪᠣᠯᠬᠤ ᠵᠡᠷᠭᠡ ᠠᠭᠤᠯᠭ᠎ᠠ ᠶᠢ | ᠲᠣᠳᠣᠷᠬᠠᠶᠢᠯᠠᠪᠠ᠃ | |