ᠪᠠᠶᠠᠨᠨᠠᠭᠤᠷ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠣᠭᠲᠠᠴᠠ | ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠶᠢᠨ ᠲᠤᠰᠠᠳᠠ᠂ ᠪᠥᠬᠦ ᠬᠤᠲᠠ ᠶᠢᠨ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠢᠷᠤᠮᠵᠢᠭᠤᠯᠤᠨ᠎ᠠ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠪᠥᠬᠦ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ | ᠲᠠᠷᠬᠠᠭᠠᠭᠰᠠᠨ ﹇2023﹈ 38 ᠳ᠋ᠤᠭᠠᠷ ᠲᠣᠭᠠᠲᠤ︶ ︵ᠳᠣᠷᠣᠭᠰᠢ ︽ᠪᠡᠯᠡᠳᠬᠡᠯ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ᠪᠥᠬᠦ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠢ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠲᠠᠰ | ᠳᠠᠷᠠᠭᠠᠯᠠᠯ ᠢ ᠤᠯᠠᠮ ᠨᠢᠭᠡ ᠠᠯᠬᠤᠮ ᠵᠢᠯᠣᠭᠤᠳᠤᠨ ᠵᠢᠷᠤᠮᠵᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠢᠨᠵᠢᠯᠡᠬᠦ | ᠤᠬᠠᠭᠠᠨᠴᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠰᠠᠶᠢᠲᠤᠷ ᠬᠢᠵᠦ᠂ ᠨᠡᠶᠢᠭᠡᠮ ᠨᠡᠶᠢᠲᠡ ᠶᠢᠨ ︽ᠪᠡᠯᠡᠳᠬᠡᠯ ᠲᠥᠰᠥᠯ︾ ᠤᠨ ᠬᠠᠮᠢᠶ᠎ᠠ ᠪᠦᠬᠦᠢ | ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠠ᠄ | ᠨᠢᠭᠡ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ 2019 ᠣᠨ ᠤ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠪᠦᠬᠦ ᠬᠤᠲᠠ ᠶᠢᠨ ᠣᠨᠴᠠ ᠲᠥᠷᠥᠯ ᠤᠨ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠤᠭᠤᠳᠬᠤ ᠰᠢᠰᠲ᠋ᠧᠮ ᠳᠤ | ᠲᠣᠬᠢᠷᠠᠭᠤᠯᠤᠯᠲᠠ ᠬᠢᠵᠦ᠂ ᠵᠢᠯᠤᠭᠤᠳᠬᠤ ᠭᠠᠵᠠᠷ ᠤᠨ ᠪᠦᠷᠢᠯᠳᠦᠭᠦᠨ ᠪᠣᠯᠣᠨ ᠪᠦᠷᠢᠯᠳᠦᠭᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠳᠤ ᠴᠤ | ᠬᠤᠪᠢᠷᠠᠯᠲᠠ ᠭᠠᠷᠴᠤ᠂ 2023 ᠣᠨ ᠤ 6 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠥᠪᠥᠷ ᠮᠣᠩᠭᠤᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ | ᠢ ᠳᠠᠷᠤᠮᠠᠯᠯᠠᠨ ᠲᠠᠷᠬᠠᠭᠠᠵᠤ᠂ ︽ᠳᠣᠣᠷᠠᠳᠤ ᠱᠠᠲᠤᠨ ᠤ ᠪᠡᠯᠡᠳᠬᠡᠯ ᠲᠥᠰᠥᠯ ᠨᠢ ᠳᠡᠭᠡᠳᠦ ᠱᠠᠲᠤᠨ ᠤ ᠪᠡᠯᠡᠳᠬᠡᠯ ᠲᠥᠰᠥᠯ ᠢ ᠳᠠᠭᠠᠬᠤ︾ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠵᠣᠯᠭᠠᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠴᠠᠭ ᠲᠤᠬᠠᠢ ᠳᠤᠨᠢ ᠲᠣᠭᠲᠠᠭᠠᠵᠤ ᠵᠠᠰᠠᠪᠤᠷᠢ ᠣᠷᠣᠭᠤᠯᠪᠠ᠃ | ᠬᠤᠶᠠᠷ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠬᠤ ᠦᠨᠳᠦᠰᠦᠯᠡᠯ ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ | ᠬᠠᠤᠯᠢ︾ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︽ᠣᠨᠴᠠ ᠲᠦᠷᠦᠯ ᠤᠨ ᠲᠤᠨᠤᠭ | ᠲᠥᠬᠦᠭᠡᠷᠦᠮᠵᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠳᠦᠷᠢᠮ︾ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠤᠨ ᠬᠠᠮᠢᠶᠠᠷᠤᠯᠲᠠ ᠶᠢᠨ ᠠᠷᠭ᠎ᠠ︾ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ | ᠲᠣᠭᠲᠠᠭᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠢ ᠶᠢᠨ ᠬᠢᠨᠠᠨ | ᠪᠠᠶᠢᠴᠠᠭᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ︵ᠲᠤᠷᠰᠢᠨ ᠬᠡᠷᠡᠭᠵᠢᠭᠦᠯᠬᠦ︶︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠪᠠ ᠠᠳᠡᠯ ᠤᠨ ᠭᠠᠢ ᠭᠠᠮᠰᠢᠭ ᠢ ᠱᠠᠲᠤ ᠬᠤᠪᠢᠶᠠᠨ ᠠᠷᠭᠠᠴᠠᠬᠤ ᠶᠢ ᠬᠡᠷᠡᠭᠵᠢᠭᠦᠯᠬᠦ ᠠᠷᠭ᠎ᠠ ︵ | ᠲᠤᠷᠰᠢᠨ ᠬᠡᠷᠡᠭᠵᠢᠭᠦᠯᠬᠦ︶︾᠂ ︽ᠪᠠᠶᠠᠨᠨᠠᠭᠤᠷ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠶᠢᠨ ᠠᠶᠤᠯ | ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ︾᠂ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠵᠢᠯᠤᠭᠤᠳᠬᠤ ᠳᠦᠷᠢᠮ︾ ᠵᠡᠷᠭᠡ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ᠂ ᠪᠠᠶᠠᠨᠨᠠᠭᠤᠷ ᠬᠤᠳᠠ ᠶᠢᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠵᠢᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠪᠠ᠃ | ᠭᠤᠷᠪᠠ᠂ ︽ᠪᠡᠯᠡᠳᠬᠡᠯ ᠲᠥᠰᠥᠯ︾ ᠢ ᠲᠣᠭᠲᠠᠭᠠᠵᠤ ᠵᠠᠰᠠᠪᠤᠷᠢ ᠣᠷᠣᠭᠤᠯᠤᠭᠰᠠᠨ ᠶᠠᠪᠤᠴᠠ ᠬᠤᠲᠠ ᠶᠢᠨ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ 2023 ᠣᠨ ᠤ 6 ᠰᠠᠷ᠎ᠠ ᠳᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠲᠠᠭᠠᠬᠤ ᠪᠠ | ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠵᠦ᠂ ᠠᠵᠢᠯᠲᠠᠳ ᠢ ᠵᠣᠬᠢᠶᠠᠨ ᠪᠠᠶᠢᠭᠤᠯᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ | ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠠᠪᠤᠴᠠ ᠳᠤ ᠪᠥᠬᠦ | ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠪᠣᠳᠠᠲᠠᠢ | ᠬᠡᠷᠡᠭᠴᠡᠭᠡ ᠳᠤ ᠰᠠᠭᠤᠷᠢᠯᠠᠨ᠂ ︽ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ᠂ ᠪᠣᠳᠠᠲᠤ ᠬᠡᠷᠡᠭᠴᠡᠭᠡ ᠲᠠᠢ ᠪᠠᠶᠢᠬᠤ︾ ᠵᠠᠷᠴᠢᠮ ᠢ | ᠪᠠᠷᠢᠮᠲᠠᠯᠠᠨ᠂ ᠪᠡᠯᠡᠳᠬᠡᠯ ᠲᠥᠰᠥᠯ ᠤᠨ ᠠᠭᠤᠯᠭ᠎ᠠ ᠶᠢ ᠨᠢᠭᠡᠳ ᠨᠢᠭᠡ ᠪᠠᠷ ᠨᠠᠷᠢᠯᠢᠭᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠂ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠠᠭᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠪᠡᠯᠡᠳᠬᠡᠯ ᠲᠥᠰᠥᠯ ᠤᠨ | ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠠᠵᠢᠯᠯᠠᠭᠠᠨ ᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ 2023 ᠣᠨ ᠤ 7 ᠰᠠᠷ᠎ᠠ ᠳᠤ᠂ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭ ᠲᠤᠬᠠᠢ ᠳᠤᠨᠢ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠵᠡᠷᠭᠡ ᠨᠢᠭᠡᠴᠡ ᠠᠴᠠ ᠰᠠᠨᠠᠯ ᠬᠤᠷᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳᠤᠷᠠᠳᠤᠭᠰᠠᠨ ᠰᠠᠨᠠᠯ | ᠰᠠᠨᠠᠭᠤᠯᠭ᠎ᠠ ᠶᠢ ᠦᠨᠳᠦᠰᠦᠯᠡᠨ᠂ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2023 ᠣᠨ ᠤ 7 ᠰᠠᠷ᠎ᠠ ᠳᠤ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠲᠣᠭᠲᠠᠭᠠᠯ ᠤᠨ ᠰᠠᠯᠠᠭ᠎ᠠ ᠠᠴᠠ ᠬᠠᠤᠯᠢ ᠶᠣᠰᠣᠨ ᠤ ᠴᠢᠨᠠᠷ ᠤᠨ ᠬᠢᠨᠠᠨ | ᠲᠣᠭᠲᠠᠭᠠᠯᠲᠠ ᠶᠢ ᠪᠡᠶᠡᠯᠡᠭᠦᠯᠪᠡ᠃ | ᠳᠥᠷᠪᠡ᠂ ︽ᠪᠡᠯᠡᠳᠬᠡᠯ ᠲᠥᠰᠥᠯ︾ ᠤᠨ ᠭᠤᠣᠯ ᠠᠭᠤᠯᠭ᠎ᠠ ︽ᠪᠡᠯᠡᠳᠬᠡᠯ ᠲᠥᠰᠥᠯ︾ ᠨᠢ ᠨᠡᠶᠢᠲᠡ 7 ᠬᠡᠰᠡᠭ ᠢᠶᠠᠷ ᠪᠦᠷᠢᠯᠳᠦᠵᠡᠢ᠃ | ︵ᠨᠢᠭᠡ︶ ᠶᠡᠷᠦᠩᠬᠡᠢ ᠳᠦᠷᠢᠮ ᠵᠢᠯᠤᠭᠤᠳᠬᠤ ᠦᠵᠡᠯ ᠰᠠᠨᠠᠭ᠎ᠠ᠂ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ | ᠳᠠᠭᠠᠬᠤ ᠲᠠᠰ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ ᠵᠡᠷᠭᠡ ᠶᠢ ᠲᠣᠳᠣᠷᠬᠠᠶᠢᠯᠠᠨ᠎ᠠ᠃ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠳᠤ ︽ᠬᠥᠮᠥᠨ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠵᠡᠷᠭᠡ ᠵᠠᠷᠴᠢᠮ ᠢ ᠪᠠᠷᠢᠮᠲᠠᠯᠠᠵᠤ᠂ ᠠᠷᠠᠳ | ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ | ᠬᠡᠷᠡᠭᠲᠡᠢ ᠭᠡᠵᠦ ᠴᠢᠬᠤᠯᠠᠴᠢᠯᠠᠪᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢᠨ ᠵᠢᠯᠤᠭᠤᠳᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠬᠢᠭᠡᠳ ᠡᠭᠦᠷᠭᠡ | ᠬᠠᠷᠢᠭᠤᠴᠠᠯᠭ᠎ᠠ ᠮᠠᠨ ᠤ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠠᠴᠠ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠦᠷᠢᠯᠳᠦᠯ ᠢ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ᠂ ᠡᠯ᠎ᠡ | ᠲᠤᠰᠬᠠᠢ ᠮᠡᠷᠭᠡᠵᠢᠯ ᠤᠨ ᠠᠵᠢᠯ ᠤᠨ ᠳᠤᠭᠤᠶᠢᠯᠠᠩ ᠤᠨ ᠠᠳᠡᠯ ᠠᠴᠠ ᠠᠪᠤᠷᠠᠨ ᠲᠤᠰᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ | ᠲᠣᠳᠣᠷᠬᠠᠶᠢᠯᠠᠪᠠ᠃ | ︵ᠭᠤᠷᠪᠠ︶ ᠤᠷᠢᠳᠴᠢᠯᠠᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠭᠡᠶᠢᠯᠡᠬᠦ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠵᠦ | ᠬᠡᠷᠡᠭᠯᠡᠬᠦ ᠨᠢᠭᠡᠴᠢ ᠠᠳᠡᠯ ᠭᠠᠷᠪᠠᠯ ᠤᠯᠠᠨ ᠬᠥᠮᠥᠨ ᠦᠬᠦᠵᠦ ᠤᠯᠠᠨ ᠬᠥᠮᠥᠨ ᠰᠢᠷᠬᠠᠲᠤᠬᠤ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠬᠦᠨᠳᠦ | ᠶᠡᠭᠡ ᠠᠳᠡᠯ ᠤᠨ ᠲᠠᠯᠳᠠ ᠭᠡᠮ ᠣᠷᠣᠰᠢᠵᠤ ᠪᠠᠶᠢᠭ᠎ᠠ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠴᠢᠬᠤᠯᠠ ᠭᠠᠵᠠᠷ ᠣᠷᠣᠨ ᠪᠤᠶᠤ ᠲᠠᠯᠠᠪᠤᠷ | ᠭᠠᠵᠠᠷ ᠤᠨ ᠬᠡᠷᠡᠭᠯᠡᠵᠦ ᠪᠠᠶᠢᠭ᠎ᠠ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠴᠢᠬᠤᠯᠠ ᠶᠡᠭᠡ ᠠᠵᠤ ᠠᠬᠤᠢ ᠶᠢᠨ ᠠᠮᠤᠷ ᠲᠦᠪᠰᠢᠨ ᠳᠤ | ᠬᠤᠯᠪᠣᠭᠳᠠᠬᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠪᠠ ᠠᠳᠡᠯ ᠭᠠᠷᠪᠠᠯ ᠬᠦᠨᠳᠦ ᠨᠣᠴᠢᠲᠠᠢ ᠨᠡᠶᠢᠭᠡᠮ ᠤᠨ ᠨᠥᠯᠥᠭᠡ ᠭᠠᠷᠭᠠᠵᠤ ᠮᠡᠳᠡᠬᠦ ᠣᠨᠴᠠ | ᠲᠦᠷᠦᠯ ᠤᠨ ᠲᠤᠨᠤᠭ ᠲᠥᠬᠦᠭᠡᠷᠦᠮᠵᠢ ᠶᠢ ᠭᠤᠣᠯᠳᠠᠯᠭ᠎ᠠ ᠲᠠᠢ ᠪᠠᠷ ᠬᠢᠨᠠᠨ ᠡᠵᠡᠮᠳᠡᠬᠦ ᠬᠡᠷᠡᠭᠲᠡᠢ ᠭᠡᠵᠦ ᠲᠣᠳᠣᠷᠬᠠᠶᠢᠯᠠᠪᠠ᠃ ᠡᠯ᠎ᠡ ᠬᠤᠯᠪᠣᠭᠳᠠᠯ ᠪᠦᠬᠦᠢ | ᠨᠢᠭᠡᠴᠢ ᠶᠢᠨ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠂ ᠠᠳᠡᠯ ᠤᠨ ᠲᠠᠯᠳᠠ ᠭᠡᠮ ᠤᠨ ᠮᠡᠳᠡᠭᠡ ᠵᠠᠩᠭᠢ ᠶᠢ ᠴᠤᠭᠯᠠᠭᠤᠯᠬᠤ ᠵᠢᠴᠢ ᠬᠥᠳᠡᠯᠦᠩᠭᠦᠢ ᠪᠠᠷ | ᠬᠢᠨᠠᠨ ᠬᠠᠮᠢᠶᠠᠷᠬᠤ᠂ ᠣᠨᠴᠠᠭᠠᠶ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠢ ᠪᠣᠯᠭᠠᠬᠤ ᠬᠡᠷᠡᠭᠲᠡᠢ᠃ | ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠯᠲᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ | ᠭᠡᠨᠡᠳᠲᠡ ᠶᠢᠨ ᠠᠳᠡᠯ ᠭᠠᠷᠤᠭᠰᠠᠨ ᠤ ᠳᠠᠷᠠᠭᠠᠬᠢ ᠮᠡᠳᠡᠭᠦᠯᠦᠯᠲᠡ ᠶᠢᠨ ᠴᠤᠪᠤᠷᠠᠯ᠂ ᠠᠳᠡᠯ ᠤᠨ ᠮᠡᠳᠡᠭᠦᠯᠦᠯᠲᠡ ᠶᠢᠨ ᠦᠨᠳᠦᠰᠦᠨ ᠠᠭᠤᠯᠭ᠎ᠠ᠂ ᠱᠠᠲᠤ | ᠬᠤᠪᠢᠶᠠᠨ ᠳᠠᠭᠠᠬᠤ ᠲᠠᠰ ᠳᠠᠷᠠᠭᠠᠯᠠᠯ ᠵᠢᠴᠢ ᠠᠷᠭ᠎ᠠ ᠬᠡᠮᠵᠢᠶ᠎ᠡ᠂ ᠲᠤᠬᠠᠢ ᠶᠢᠨ ᠲᠠᠯᠠᠪᠤᠷ ᠲᠤᠨᠢ ᠵᠣᠬᠢᠴᠠᠭᠤᠯᠤᠨ ᠵᠢᠯᠤᠭᠤᠳᠬᠤ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠲᠠᠰ ᠳᠠᠷᠠᠭᠠᠯᠠᠯ ᠪᠠ ᠱᠠᠭᠠᠷᠳᠠᠯᠭ᠎ᠠ᠂ ᠨᠡᠶᠢᠭᠡᠮ ᠤᠨ ᠬᠦᠴᠦᠨ ᠢ ᠳᠠᠶᠢᠴᠢᠯᠠᠬᠤ᠂ ᠰᠣᠨᠢᠨ ᠮᠡᠳᠡᠭᠡ ᠨᠡᠶᠢᠲᠡᠯᠡᠬᠦ᠂ ᠪᠠᠴᠢᠮ | ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠶᠢ ᠵᠣᠭᠰᠤᠭᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ | ︵ᠲᠠᠪᠤ︶ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ ᠬᠤᠶᠢᠲᠤᠬᠢ ᠶᠠᠪᠤᠳᠠᠯ ᠢ ᠰᠢᠢᠳᠪᠦᠷᠢᠯᠡᠬᠦ᠂ ᠨᠡᠶᠢᠭᠡᠮ ᠤᠨ ᠠᠪᠤᠷᠠᠨ ᠲᠤᠰᠠᠯᠠᠬᠤ᠂ | ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠳ᠋ᠦᠩᠨᠡᠯᠲᠡ ᠵᠡᠷᠭᠡ ᠠᠭᠤᠯᠭ᠎ᠠ | ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ︵ᠨᠢᠭᠡᠴᠡ︶ ᠨᠢ | ᠦᠬᠦᠵᠦ ᠰᠢᠷᠬᠠᠲᠤᠭᠰᠠᠨ ᠬᠥᠮᠥᠰ ᠵᠢᠴᠢ ᠲᠡᠳᠡᠨ ᠤ ᠭᠡᠷ ᠪᠦᠯᠢ ᠶᠢᠨ ᠬᠢᠨ ᠢ ᠲᠣᠬᠤᠨᠢᠭᠤᠯᠬᠤ᠂ ᠠᠰᠠᠷᠠᠮᠵᠢ᠂ ᠲᠥᠯᠥᠪᠦᠷᠢ ᠥᠭᠬᠦ ᠪᠠ ᠠᠳᠡᠭᠰᠡᠨ | ᠬᠥᠮᠥᠰ ᠤᠨ ᠬᠤᠶᠢᠲᠤᠬᠢ ᠶᠠᠪᠤᠳᠠᠯ ᠢ ᠰᠢᠢᠳᠪᠦᠷᠢᠯᠡᠬᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠵᠢᠴᠢ | ᠰᠡᠷᠭᠦᠭᠡᠨ ᠳᠠᠬᠢᠨ ᠪᠠᠶᠢᠭᠤᠯᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠳᠡᠯ ᠤᠨ | ᠪᠠᠶᠢᠴᠠᠭᠠᠯᠲᠠ ᠶᠢ ᠥᠷᠨᠢᠭᠦᠯᠵᠦ᠂ ᠰᠢᠢᠳᠪᠦᠷᠢᠯᠡᠬᠦ ᠰᠠᠨᠠᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃ | ︵ᠵᠢᠷᠭᠤᠭ᠎ᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠡᠷᠡᠭᠴᠡᠭᠡ ᠳᠤ ᠬᠠᠩᠭᠠᠭᠰᠠᠨ ᠮᠡᠳᠡᠭᠡ ᠵᠠᠩᠭᠢ ᠪᠠ ᠲᠣᠨᠤᠭ ᠲᠥᠬᠦᠭᠡᠷᠦᠮᠵᠢ ᠶᠢᠨ ᠪᠠᠲᠤᠯᠠᠭ᠎ᠠ᠂ | ᠪᠡᠯᠡ ᠮᠥᠩᠭᠦ ᠶᠢᠨ ᠪᠠᠲᠤᠯᠠᠭ᠎ᠠ᠂ ᠲᠤᠰᠬᠠᠢ ᠮᠡᠷᠭᠡᠵᠢᠯᠲᠡᠨ ᠤ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ᠂ ᠤᠬᠠᠭᠤᠯᠭ᠎ᠠ ᠵᠢᠴᠢ | ᠪᠣᠯᠪᠠᠰᠤᠷᠠᠭᠤᠯᠤᠯ ᠵᠢᠴᠢ ᠦᠢᠯᠡᠳᠪᠦᠷᠢᠯᠡᠵᠦ ᠬᠡᠷᠡᠭᠯᠡᠬᠦ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠢᠨᠠᠯᠲᠠ ᠪᠠᠶᠢᠴᠠᠭᠠᠯᠲᠠ | ᠵᠡᠷᠭᠡ ᠪᠠᠶᠢᠳᠠᠯ ᠢ ᠲᠣᠳᠣᠷᠬᠠᠶᠢᠯᠠᠪᠠ᠃ | ︵ᠲᠤᠯᠤᠭ᠎ᠠ︶ ᠳᠠᠭᠠᠯᠳᠤᠭᠤᠯᠤᠭᠰᠠᠨ ᠳᠦᠷᠢᠮ ︽ᠪᠡᠯᠡᠳᠬᠡᠯ ᠲᠥᠰᠥᠯ︾ ᠳᠠᠬᠢ ᠨᠡᠷ᠎ᠡ ᠲᠣᠮᠢᠶ᠎ᠠ ᠶᠢᠨ ᠲᠣᠮᠢᠶᠠᠯᠠᠯ ᠪᠠ ᠲᠣᠳᠣᠷᠬᠠᠶᠢᠯᠠᠯᠲᠠ᠂ | ᠲᠣᠭᠲᠠᠭᠠᠬᠤ ᠪᠠ ᠲᠠᠶᠢᠯᠪᠤᠷᠢᠯᠠᠬᠤ ᠰᠠᠯᠠᠭ᠎ᠠ ᠮᠥᠴᠢᠷ᠂ ᠬᠡᠷᠡᠭᠵᠢᠭᠦᠯᠬᠦ ᠴᠠᠭ ᠵᠡᠷᠭᠡ ᠶᠢ ᠲᠣᠳᠣᠷᠬᠠᠶᠢᠯᠠᠨ᠎ᠠ᠃ | |