ᠸᠠᠩ ᠵᠢᠶᠦ᠋ᠨ ᠵᠢᠶᠧ ᠪᠠᠷᠠᠭᠤᠨ ᠪᠠᠭ᠎ᠠ ᠵᠣᠣ ᠪᠠᠯᠭᠠᠰᠤᠨ ᠳᠤ ᠬᠥᠨᠵᠡᠬᠡᠶᠢᠷᠡᠨ ᠨᠠᠮᠤᠷ ᠤᠨ ᠤᠰᠤᠯᠠᠯᠲᠠ ᠶᠢᠨ ᠤᠰᠤ ᠠᠷᠪᠢᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/26
     ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ  ᠸᠠᠩ ᠵᠢᠶᠦ᠋ᠨ ᠵᠢᠶᠧ ᠪᠠᠷᠠᠭᠤᠨ ᠪᠠᠭ᠎ᠠ ᠵᠣᠦ ᠪᠠᠯᠭᠠᠰᠤᠨ ᠳᠤ ᠬᠥᠨᠵᠡᠬᠡᠶᠢᠷᠡᠨ᠂ ᠨᠠᠮᠤᠷ ᠤᠨ ᠤᠰᠤᠯᠠᠯᠲᠠ ᠶᠢᠨ ᠤᠰᠤ ᠠᠷᠪᠢᠯᠠᠬᠤ ᠠᠵᠢᠯ ᠢ ᠪᠠᠶᠢᠴᠠᠭᠠᠨ ᠰᠤᠳᠤᠯᠪᠠ᠃     ᠪᠠᠷᠠᠭᠤᠨ ᠪᠠᠭ᠎ᠠ ᠵᠣᠦ ᠪᠠᠯᠭᠠᠰᠤᠨ ᠤ  ᠬᠤᠸᠠᠢ ᠮᠦ ᠲᠣᠰᠬᠤᠨ ᠳᠤ᠂ ᠸᠠᠩ ᠵᠢᠶᠦ᠋ᠨ ᠵᠢᠶᠧ ᠲᠠᠷᠢᠶᠠᠨ ᠭᠠᠵᠠᠷ ᠲᠤ ᠢᠷᠠᠵᠤ᠂ ᠲᠠᠷᠢᠶᠠᠨ ᠭᠠᠵᠠᠷ ᠤᠨ ᠨᠠᠮᠤᠷ ᠤᠨ ᠤᠰᠤᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠤᠷ ᠲᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ᠂ ᠪᠠᠷᠠᠭᠤᠨ ᠪᠠᠭ᠎ᠠ ᠵᠣᠦ ᠪᠠᠯᠭᠠᠰᠤ᠂ ᠲᠣᠬᠠᠢ ᠶᠢᠨ ᠭᠠᠵᠠᠷ ᠤᠨ ᠲᠠᠷᠢᠶᠠᠴᠢᠨ ᠡᠷᠦᠭᠡ ᠲᠠᠢ ᠤᠰᠤ ᠬᠡᠷᠡᠭᠯᠡᠬᠦ ᠲᠣᠭᠲᠠᠭᠰᠠᠨ ᠨᠣᠷᠮ᠎ᠠ᠂ ᠤᠰᠤᠯᠠᠯᠲᠠ ᠶᠢᠨ ᠬᠦᠨᠴᠡ ᠶᠢᠨ ᠬᠡᠮᠵᠢᠶ᠎ᠡ ᠵᠡᠷᠭᠡ ᠠᠰᠠᠭᠤᠳᠠᠯ ᠢ ᠶᠠᠷᠢᠯᠴᠠᠭᠰᠠᠨ ᠪᠠᠶᠢᠨ᠎ᠠ᠃

西小召调研5.jpg

     ᠸᠠᠩ ᠵᠢᠶᠦ᠋ᠨ ᠵᠢᠶᠧ ᠴᠢᠬᠤᠯᠠᠴᠢᠯᠠᠭᠰᠠᠨ ᠨᠢ᠂ ᠨᠠᠮᠤᠷ ᠤᠨ ᠤᠰᠤᠯᠠᠯᠲᠠ ᠶᠢᠨ ᠠᠵᠢᠯ ᠪᠣᠯ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ

 ᠲᠠᠢ ᠬᠤᠯᠪᠣᠭᠳᠠᠬᠤ ᠶᠡᠭᠡ ᠶᠠᠪᠤᠳᠠᠯ ᠪᠣᠯᠬᠤ ᠮᠥᠷᠲᠡᠭᠡᠨ ᠪᠠᠰᠠ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ  ᠨᠡᠮᠡᠭᠳᠡᠭᠦᠯᠬᠦ ᠪᠤᠭᠤᠮᠳᠠ

ᠰᠢᠪᠳᠤᠯᠬᠤ ᠲᠠᠶᠢᠯᠠᠯᠳᠤᠭᠠᠨ ᠤ ᠴᠢᠬᠤᠯᠠ ᠡᠭᠦᠷᠭᠡ ᠪᠣᠯᠬᠤ ᠶᠤᠮ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ

ᠨᠠᠮᠤᠷ ᠤᠨ ᠤᠰᠤᠯᠠᠯᠲᠠ ᠶᠢᠨ ᠣᠰᠤ ᠠᠷᠪᠢᠯᠠᠬᠤ ᠠᠵᠢᠯ ᠢ ᠤᠲᠤᠬᠠᠨ ᠤ ᠨᠢᠭᠡ ᠵᠦᠢᠯ ᠤᠨ ᠴᠢᠬᠤᠯᠠ ᠠᠵᠢᠯ ᠪᠣᠯᠭᠠᠨ ᠠᠳᠬᠤᠵᠤ᠂ ᠪᠠᠭ᠎ᠠ ᠤᠰᠤᠯᠠᠬᠤ

 ᠶᠢ ᠪᠠᠷᠢᠮᠳᠠᠯᠠᠨ᠂ ᠲᠦᠷᠭᠡᠨ ᠤᠰᠤᠯᠠᠬᠤ ᠶᠢ ᠵᠣᠬᠢᠶᠠᠨ ᠪᠠᠶᠢᠭᠤᠯᠵᠤ᠂ ᠲᠠᠬᠢᠨ ᠳᠠᠪᠲᠠᠨ ᠤᠰᠤᠯᠠᠬᠤ ᠶᠢ ᠡᠷᠡᠰ ᠬᠤᠷᠢᠭᠯᠠᠬᠤ ᠶᠢᠨ ᠬᠠᠮᠲᠤ ᠴᠢᠬᠢᠭ

ᠬᠠᠮᠠᠭᠠᠯᠠᠬᠤ ᠬᠠᠷᠠᠯᠲᠠ ᠶᠢ ᠪᠡᠶᠡᠯᠡᠭᠦᠯᠦᠨ᠂ ᠨᠠᠮᠤᠷ ᠤᠨ ᠤᠰᠤᠯᠠᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠤᠰᠤᠯᠠᠬᠤ ᠶᠢ

ᠲᠠᠭᠠᠭᠠᠴᠢᠯᠠᠬᠤ ᠳᠤᠭᠤᠶᠢᠯᠠᠩ ᠤᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠨᠠᠮᠤᠷ ᠤᠨ ᠤᠰᠤᠯᠠᠯᠲᠠ ᠶᠢᠨ ᠮᠤ᠋ ᠪᠦᠷᠢ ᠶᠢᠨ ᠳᠤᠮᠳᠠᠴᠢ ᠤᠰᠤ

ᠬᠡᠷᠡᠭᠯᠡᠬᠦ ᠨᠣᠷᠮ᠎ᠠ ᠶᠢ ᠴᠢᠩᠭ᠎ᠠ ᠬᠢᠵᠠᠭᠠᠷᠯᠠᠵᠤ᠂ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠪᠦᠷᠢᠯᠭᠡᠨ ᠤᠰᠤᠯᠠᠬᠤ ᠶᠢ ᠡᠷᠡᠰ ᠬᠤᠷᠢᠭᠯᠠᠬᠤ

ᠬᠡᠷᠡᠭᠲᠡᠢ ᠭᠡᠵᠡᠢ᠃

    ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ 

ᠪᠢᠶᠠᠨ ᠴᠢᠶᠦᠣ ᠬᠤᠩ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ᠂ ᠪᠠᠷᠠᠭᠤᠨ ᠪᠠᠭ᠎ᠠ ᠵᠣᠦ ᠪᠠᠯᠭᠠᠰᠤ᠂ ᠪᠣᠷᠣᠳᠣᠬᠤᠢ ᠶᠢᠨ ᠤᠰᠤᠯᠠᠯᠲᠠ ᠶᠢᠨ

ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠤᠷᠠᠳ ᠤᠨ ᠬᠤᠪᠢᠶᠠᠷᠢ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ

ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

西小召调研6.jpg

 

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ