ᠮᠢᠩᠭᠠᠨ ᠪᠠᠯᠭᠠᠰᠤ ᠣᠯᠠᠨ ᠵᠦᠢᠯ ᠤᠨ ᠬᠡᠯᠪᠡᠷᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/10/8
   ᠤᠢᠢᠷ᠎ᠡ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷᠠᠴᠤᠳ ︽ᠤᠯᠤᠰ ᠤᠨ ᠪᠠᠲᠤᠯᠠᠨ ᠬᠠᠮᠠᠭᠠᠯᠠᠯᠲᠠ ᠶᠢ ᠬᠦᠴᠦᠯᠡᠨ ᠬᠦᠴᠦᠷᠬᠡᠭᠵᠢᠭᠦᠯᠵᠦ᠂ ᠡᠷᠡᠮᠡᠬᠡᠶᠢᠯᠡᠨ ᠤᠷᠤᠭᠰᠢᠯᠠᠵᠤ ᠰᠡᠷᠭᠦᠨ ᠮᠠᠨᠳᠤᠯᠲᠠ ᠲᠡᠶᠢᠰᠢ ᠤᠷᠤᠭᠰᠢᠯᠠᠬᠤ︾ ᠪᠠᠷ ᠭᠤᠣᠯ ᠰᠡᠳᠦᠪ ᠪᠣᠯᠭᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠬᠥᠮᠦᠵᠢᠯ ᠤᠨ ᠲᠤᠰᠬᠠᠢ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃   ᠰᠠᠶᠢᠨ ᠳᠤᠷᠠᠴᠤᠳ ᠪᠠᠯᠭᠠᠰᠤᠨ ᠤ ᠲᠠᠯᠠᠪᠠᠢ ᠳᠤ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ  ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠤᠬᠠᠭᠤᠯᠵᠤ᠂ ᠣᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠪᠠ ᠲᠤᠬᠠᠶ ᠶᠢᠨ ᠲᠠᠯᠠᠪᠤᠷ ᠤᠨ ᠠᠰᠠᠭᠤᠯᠲᠠ ᠬᠠᠷᠢᠭᠤᠯᠲᠠ ᠶᠢᠨ  ᠦᠢᠯᠡᠳᠥᠯᠴᠡᠯ ᠢᠶᠠᠷ ᠳᠠᠮᠵᠢᠭᠤᠯᠤᠨ᠂ ᠣᠯᠠᠨ ᠳᠠᠶᠠᠭᠠᠷ ᠲᠤ ᠣᠯᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠡᠵᠡᠮᠰᠢᠭᠦᠯᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠮᠢᠩᠭᠠᠨ ᠪᠠᠭ᠎ᠠ ᠰᠤᠷᠭᠠᠭᠤᠯᠢ ᠪᠠᠰᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠨ᠂ ᠰᠤᠷᠤᠭᠴᠢᠳ ᠢ ᠬᠥᠲᠥᠯᠥᠨ ᠵᠢᠯᠣᠭᠤᠳᠴᠤ ᠠᠷᠠᠳ ᠤᠨ ᠴᠡᠷᠢᠭ ᠠᠩᠭᠢ ᠶᠢᠨ ᠡᠬᠡ ᠤᠯᠤᠰ ᠢᠶᠠᠨ ᠬᠠᠮᠠᠭᠠᠯᠠᠬᠤ᠂ ᠡᠬᠡ ᠤᠯᠤᠰ ᠢᠶᠠᠨ ᠪᠥᠲᠥᠭᠡᠨ ᠪᠠᠶᠢᠭᠤᠯᠬᠤ ᠳᠤ ᠦᠵᠡᠭᠦᠯᠬᠦ ᠴᠢᠬᠤᠯᠠ  ᠦᠢᠯᠡᠳᠦᠯ ᠢ  ᠬᠦᠢᠴᠡᠳ ᠲᠠᠨᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠳᠡᠮᠵᠢᠬᠦ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠣᠷᠣᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠪᠢᠰᠬᠠᠯ ᠤᠨ ᠤᠳᠤᠮᠰᠢᠯ ᠢ ᠪᠠᠭᠠᠴᠤᠳ ᠬᠡᠦᠬᠡᠳ ᠤᠨ ᠣᠶᠤᠨ ᠰᠠᠨᠠᠭᠠᠨ  ᠳᠤ ᠠᠭᠤᠰᠬᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠣᠯᠠᠮᠵᠢᠯᠠᠨ᠂ ᠥᠷᠭᠡᠨ ᠣᠯᠠᠨ ᠵᠠᠯᠠᠭᠤᠴᠤᠳ ᠪᠠᠭᠠᠴᠤᠳ ᠢ ᠡᠷᠡᠰ ᠭᠤᠶᠢᠪᠢᠰᠢ ᠥᠬᠡᠶ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ  ᠰᠣᠨᠣᠰᠣᠨ᠂ ᠨᠠᠮ ᠢᠶᠠᠨ ᠳᠠᠭᠠᠵᠤ᠂ ᠬᠦᠰᠡᠯᠡᠩ ᠲᠠᠢ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠪᠠᠭᠤᠷᠢ ᠵᠦᠳᠡᠭᠦᠷᠢ ᠶᠢ ᠠᠮᠰᠠᠬᠤ᠂ ᠲᠡᠮᠡᠴᠡᠵᠦ ᠳᠡᠶᠢᠯᠬᠦ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠶᠢ ᠵᠣᠷᠢᠭᠵᠢᠭᠤᠯᠪᠠ᠃ ᠮᠢᠩᠭᠠᠨ ᠪᠠᠯᠭᠠᠰᠤᠨ ᠤ ᠪᠠᠭ᠎ᠠ ᠰᠤᠷᠭᠠᠭᠤᠯᠢ ᠶᠢᠨ ᠪᠠᠭᠰᠢ ᠵᠤᠤ ᠸᠧᠨ ᠵᠢᠩ ᠬᠡᠯᠡᠬᠦ ᠳᠡᠭᠡᠨ᠄ ︽ᠵᠠᠯᠠᠭᠤᠴᠤᠳ ᠪᠠᠭᠠᠴᠤᠳ ᠪᠣᠯ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠪᠦᠷᠢᠯᠳᠦᠬᠦ ᠵᠠᠩᠭᠢᠯᠠᠭ᠎ᠠ ᠶᠢᠨ ᠱᠠᠳᠤ ᠪᠣᠯᠤᠨ᠎ᠠ᠃ ᠲᠣᠰ ᠤᠳᠠᠭᠠᠨ ᠤ ᠠᠵᠢᠯᠯᠠᠭ᠎ᠠ ᠨᠢ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂  ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠢ ᠣᠶᠢᠯᠠᠭᠠᠨ᠂ ᠤᠯᠤᠰ ᠢᠶᠠᠨ ᠬᠠᠶᠢᠷᠠᠯᠠᠬᠤ ᠰᠡᠳᠬᠢᠯ ᠢ ᠪᠣᠶ ᠪᠣᠯᠭᠠᠨ᠂ ᠤᠯᠤᠰ ᠲᠠᠭᠠᠨ ᠵᠢᠳᠬᠦᠬᠦ ᠵᠣᠷᠢᠭ ᠢ ᠪᠣᠶ ᠪᠣᠯᠭᠠᠵᠤ᠂ ᠲᠣᠮᠣ ᠪᠣᠯᠤᠭᠰᠠᠨ ᠤ ᠳᠠᠷᠠᠭ᠎ᠠ ᠡᠬᠡ ᠤᠯᠤᠰ ᠤᠨ ᠡᠩᠬᠡ ᠲᠠᠶᠢᠪᠤᠩ ᠪᠠ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ ᠭᠡᠳᠡᠭ ᠢ ᠢᠲᠡᠭᠡᠵᠦ ᠪᠠᠶᠢᠨ᠎ᠠ︾  ᠭᠡᠵᠡᠢ᠃   ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠠᠷᠠᠳ ᠤᠯᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠠᠷᠠᠳ ᠤᠯᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠶᠢ ᠨᠢ ᠨᠡᠮᠡᠭᠳᠡᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠳᠡᠮᠵᠢᠬᠦ᠂ ᠨᠠᠮ ᠢᠶᠠᠨ ᠬᠠᠶᠢᠷᠠᠯᠠᠵᠤ ᠴᠡᠷᠢᠭ ᠢᠶᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠠᠢ᠃ ᠲᠠᠷᠠᠭᠠᠴᠢ ᠶᠢᠨ ᠠᠯᠬᠤᠮ ᠳᠤ᠂ ᠮᠢᠩᠭᠠᠨ ᠪᠠᠯᠭᠠᠰᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠶᠡᠭᠡ ᠪᠠᠷ ᠤᠬᠠᠭᠤᠯᠵᠤ᠂ ᠠᠷᠠᠳ ᠤᠯᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠴᠢᠩᠭᠠᠳᠬᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ