ᠣᠷᠠᠳ ᠤᠨ ᠡᠮᠦᠨᠡᠲᠦ ᠬᠤᠰᠢᠭᠤᠨ ᠤ ᠰᠢᠭᠦᠬᠦ ᠬᠤᠷᠢᠶ᠎ᠠ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/13
    ᠰᠢᠭᠦᠬᠦ  ᠬᠤᠷᠢᠶ᠎ᠠ ᠶᠢ ᠴᠢᠩᠭ᠎ᠠ ᠵᠠᠰᠠᠬᠤ᠂ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠪᠠᠷᠢᠬᠤ ᠰᠤᠷᠲᠠᠯ ᠤᠨ ᠪᠠᠶᠢᠭᠤᠯᠤᠯᠲᠠ ᠪᠠ ᠰᠢᠭᠦᠨ ᠲᠠᠰᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠪᠠᠷᠢᠬᠤ ᠰᠤᠷᠲᠠᠯ ᠢ ᠦᠨᠡᠨ ᠬᠦ ᠬᠤᠪᠢᠷᠠᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠬᠥᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠥᠯᠥᠭᠡ ᠂  ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠢᠪᠡ᠃   ᠬᠤᠷᠠᠯ ᠠᠴᠠ ︽ᠰᠢᠭᠦᠨ ᠲᠠᠰᠤᠯᠬᠤ ᠭᠦᠢᠴᠡᠳᠬᠡᠬᠦ ᠡᠷᠬᠡ ᠪᠠᠨ ᠠᠰᠢᠭᠯᠠᠨ ᠬᠠᠤᠯᠢ ᠰᠠᠬᠢᠯᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠯᠪᠠᠨ ᠲᠢᠩᠬᠢᠮ ᠤᠨ ᠵᠠᠷᠯᠠᠯ︾᠂ ︽ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠯᠪᠠᠨ ᠲᠢᠩᠬᠢᠮ ᠤᠨ ᠬᠠᠤᠯᠢ ᠪᠠᠷᠢᠬᠤ ︿ᠭᠤᠷᠪᠠᠨ ᠲᠣᠭᠲᠠᠭᠠᠯ﹀ ᠳᠤ ᠭᠠᠷ ᠲᠦᠷᠦᠭᠦ ᠶᠢ ᠰᠡᠷᠭᠡᠶᠢᠯᠡᠬᠦ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠬᠠᠢ ᠵᠠᠷᠯᠠᠯ︾ ᠪᠠ  ᠪᠦᠬᠦ ᠤᠯᠤᠰ ᠤᠨ ᠰᠢᠭᠦᠬᠦ ᠬᠤᠷᠢᠶᠠᠨ ᠤ ᠰᠢᠰᠲ᠋ᠧᠮ ᠤᠨ ᠳᠣᠲᠣᠷᠠᠬᠢ ᠰᠢᠭᠦᠨ ᠲᠠᠰᠤᠯᠬᠤ ᠭᠦᠢᠴᠡᠳᠬᠡᠬᠦ ᠡᠷᠬᠡ ᠪᠠᠨ ᠠᠰᠢᠭᠯᠠᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ 16 ᠨᠡᠶᠢᠲᠡᠯᠢᠭ ᠬᠡᠷᠡᠭ ᠤᠨ ᠵᠢᠱᠢᠶ᠎ᠡ ᠪᠠ ︽ᠭᠤᠷᠪᠠᠨ ᠲᠣᠭᠲᠠᠭᠠᠯ︾ ᠢ ᠵᠥᠷᠢᠴᠡᠭᠰᠡᠨ 7 ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃  ᠬᠦᠮᠦᠵᠢᠯ ᠤᠨ ᠬᠤᠷᠠᠯ ᠢᠶᠠᠷ ᠲᠠᠮᠵᠢᠨ ᠬᠤᠶᠢᠰᠢᠳᠠ ᠶᠢᠨ ᠰᠢᠭᠦᠨ ᠲᠠᠰᠤᠯᠬᠤ ᠭᠦᠢᠴᠡᠳᠬᠡᠬᠦ ᠡᠯ᠎ᠡ ᠵᠦᠢᠯ ᠤᠨ ᠠᠵᠢᠯ ᠤᠨ ᠳᠤᠮᠳᠠ᠂ ᠪᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠶᠠᠭ ᠥᠷᠨᠢᠭᠦᠯᠵᠦ ᠪᠠᠶᠢᠭ᠎ᠠ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠲᠠᠢ ᠪᠠᠨ ᠤᠶᠠᠯᠳᠤᠭᠤᠯᠤᠨ᠂ ᠰᠤᠷᠲᠠᠯ ᠢᠶᠠᠨ ᠬᠤᠪᠢᠷᠠᠭᠤᠯᠵᠤ᠂ ᠬᠤᠷᠢᠭ᠎ᠠ ᠱᠤᠭᠤᠮ ᠢ ᠲᠣᠳᠣᠷᠬᠠᠢ ᠪᠣᠯᠭᠠᠵᠤ᠂ ᠭᠤᠷᠢᠳᠠᠬᠤ ᠪᠤᠳᠤᠯ ᠪᠣᠯᠤᠨ ᠬᠤᠪᠢᠨᠴᠢᠷ ᠰᠢᠨᠤᠯ ᠢᠶᠠᠨ ᠲᠡᠪᠴᠢᠵᠦ᠂ ᠪᠡᠶ᠎ᠡ ᠪᠠᠨ ᠱᠠᠭᠠᠷᠳᠠᠬᠤ ᠤᠬᠠᠮᠰᠠᠷ ᠢᠶᠠᠨ ᠬᠦᠴᠦᠯᠡᠨ   ᠴᠢᠩᠭᠠᠳᠬᠠᠬᠤ ᠪᠠᠷ ᠪᠣᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ