ᠣᠷᠠᠳ ᠤᠨ ᠡᠮᠦᠨᠡᠲᠦ ᠬᠤᠰᠢᠭᠤᠨ ᠤ ᠰᠢᠭᠦᠬᠦ ᠬᠤᠷᠢᠶ᠎ᠠ ᠨᠠᠮ ᠤᠨ ᠳᠦᠷᠢᠮ ᠨᠠᠮ ᠤᠨ ᠰᠠᠬᠢᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/13
    ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠪᠥᠬᠦ ᠺᠠᠳ᠋ᠷ ᠴᠠᠭᠳᠠᠭ᠎ᠠ ᠶᠢᠨ ᠰᠠᠬᠢᠯᠭ᠎ᠠ ᠪᠠᠲᠤ ᠶᠢᠨ ᠤᠬᠠᠮᠰᠠᠷ ᠪᠠ ᠠᠷᠢᠭᠤᠨ ᠴᠢᠬᠡᠴᠢ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂  ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠠᠮ ᠤᠨ ᠲᠦᠷᠢᠮ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃    ᠠᠵᠢᠯᠯᠠᠭᠠᠨ ᠳᠤ᠂ ᠤᠷᠠᠳ ᠤᠨ ᠡᠮᠦᠨᠡᠲᠦ ᠬᠤᠰᠢᠭᠤᠨ ᠤ ᠤᠬᠠᠭᠤᠯᠬᠤ ᠬᠡᠯᠲᠡᠰ ᠤᠨ ᠯᠧᠺᠲ᠋ᠣᠷ ᠤᠨ ᠪᠦᠯᠬᠦᠮ ᠤᠨ ᠬᠠᠷᠢᠭᠤᠴᠠᠯᠭᠠᠲᠠᠨ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠫᠷᠤᠹᠧᠰᠰᠤᠷ ᠵᠠᠩ ᠴᠢᠩ ᡁᠢ ᠢ ᠤᠷᠢᠵᠤ᠂  ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ᠂  ︽ᠨᠠᠮ ᠤᠨ ᠲᠦᠷᠢᠮ ᠨᠠᠮ ᠤᠨ ᠲᠣᠭᠲᠠᠭᠠᠯ ᠢ ᠪᠠᠲᠤ ᠴᠡᠭᠡᠵᠢᠯᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠬᠤ︾ ᠪᠠᠷ ᠭᠤᠣᠯ ᠠᠭᠤᠯᠭ᠎ᠠ ᠪᠠᠨ ᠪᠣᠯᠭᠠᠵᠦ᠂ ᠲᠡᠳᠡᠨ ᠳᠤ ᠲᠦᠷᠢᠮ ᠲᠣᠭᠲᠠᠭᠠᠯ ᠢ ᠰᠤᠷᠤᠯᠴᠠᠬᠤ᠂ ᠰᠠᠬᠢᠬᠤ᠂  ᠬᠡᠷᠡᠭᠯᠡᠬᠦ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠣᠬᠠᠭᠤᠯᠤᠨ ᠲᠠᠶᠢᠯᠪᠤᠷᠢᠯᠯᠠᠲᠠ ᠬᠢᠭᠰᠡᠨ ᠪᠠᠶᠢᠨ᠎ᠠ᠃    ᠺᠠᠳ᠋ᠷ ᠴᠠᠭᠳᠠᠭ᠎ᠠ ᠨᠠᠷ ᠠᠴᠠ ᠲᠤᠰ ᠤᠳᠠᠭ᠎ᠠ ᠶᠢᠨ ᠲᠠᠶᠢᠯᠤᠮᠵᠢ ᠪᠠᠷ ᠠᠵᠠ ᠲᠣᠬᠢᠶᠠᠯ ᠢᠶᠠᠨ ᠪᠣᠯᠭᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ  ᠪᠠᠨ ᠤᠯᠠᠮ ᠴᠢᠨᠠᠭᠰᠢᠳᠠ ᠪᠠᠬᠢᠵᠢᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠪᠠᠷ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠦ ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠬᠢᠨᠠᠮᠠᠭᠠᠢ ᠰᠤᠷᠤᠯᠴᠠᠵᠤ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠪᠠ ᠢᠯᠵᠠᠷᠠᠭᠤᠯᠤᠯ ᠢ ᠬᠤᠷᠢᠭᠯᠠᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠬᠠᠳᠠᠩᠰᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠲᠤᠯᠢᠳᠠᠬᠤ᠂ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠵᠣᠷᠢᠭᠵᠢᠭᠤᠯᠬᠤ ᠶᠢ ᠪᠡᠶᠡᠯᠡᠭᠦᠯᠦᠨ᠎ᠡ ᠬᠡᠵᠦ ᠢᠯᠡᠳᠬᠡᠵᠡᠭᠡᠪᠡ᠃᠃ ᠲᠠᠷᠠᠭᠠᠴᠢ ᠶᠢᠨ ᠠᠯᠬᠤᠮ ᠳᠤ᠂ ᠲᠣᠰ ᠰᠢᠭᠦᠬᠦ ᠬᠤᠷᠢᠶ᠎ᠠ ᠤᠯᠤᠰ ᠲᠥᠷᠥ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ᠂ ᠲᠥᠪ ᠴᠢᠬᠡᠴᠢ ᠬᠡᠪ ᠰᠤᠷᠲᠠᠯ ᠲᠠᠢ ᠰᠢᠭᠦᠬᠦ ᠬᠤᠷᠢᠶᠠᠨ ᠤ ᠡᠩᠨᠡᠭᠡ ᠶᠢ ᠴᠢᠷᠮᠠᠶᠢᠨ ᠪᠠᠶᠢᠭᠤᠯᠬᠤ ᠪᠠᠷ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ