ᠤᠷᠠᠳ ᠤᠨ ᠡᠮᠦᠨᠡᠲᠦ ᠬᠤᠰᠢᠭᠤ ᠲᠤᠬᠠᠢ ᠶᠢᠨ ᠭᠠᠵᠠᠷ ᠤᠨ ᠨᠡᠷᠡᠨ ᠬᠤᠸᠠᠷ ᠤᠨ ᠦᠷ᠎ᠡ ᠵᠡᠷᠭᠡ ᠴᠢᠨᠠᠷ ᠰᠠᠶᠢᠢᠲᠠᠶ ᠲᠠᠷᠢᠶᠠᠯᠠᠩ ᠤᠨ | ᠪᠦᠲᠦᠭᠡᠭᠳᠡᠭᠦᠨ ᠢᠶᠠᠨ ᠲᠡᠭᠷᠢ ᠶᠢᠨ ᠬᠡᠰᠢᠭᠲᠦ ᠪᠣᠷᠤᠲᠣᠬᠤᠢ ᠶᠢᠨ ᠨᠡᠷᠡᠳᠦ ᠲᠡᠮᠳᠡᠭ ᠬᠢᠭᠡᠳ ︽ᠨᠢᠭᠡ ᠪᠥᠰᠡ ᠨᠢᠭᠡ ᠵᠡᠮ︾ ᠤᠨ ᠲᠥᠷᠥ ᠶᠢᠨ | ᠪᠣᠳᠣᠯᠭ᠎ᠠ ᠳᠤ ᠲᠦᠰᠢᠭᠯᠡᠨ᠂ ᠠᠴᠢᠶ᠎ᠠ ᠲᠢᠪ ᠤᠨ ᠳᠤᠮᠳᠠ ᠬᠤᠶᠢᠲᠤ ᠬᠡᠰᠡᠭ ᠤᠨ ᠳᠡᠯᠡᠬᠡᠢ ᠶᠢᠨ ᠲᠣᠮᠣ ᠵᠠᠬ᠎ᠠ ᠳᠡᠯᠭᠡᠭᠦᠷ ᠲᠤ ᠪᠣᠷᠣᠯᠠᠭᠤᠯᠵᠤ ᠪᠤᠢ᠃ | ᠡᠨᠡ ᠬᠤᠶᠠᠷ ᠡᠳᠦᠷ᠂ ᠤᠷᠠᠳ ᠤᠨ ᠡᠮᠦᠨᠡᠲᠦ ᠬᠤᠰᠢᠭᠤᠨ ᠤ ᠮᠢᠨ ᠶᠣᠤ ᠲᠧᠩ ᠢᠳᠡᠭᠡᠨ ᠤ ᠲᠥᠷᠥᠯ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠦᠢᠯᠡᠳᠪᠦᠷᠢᠯᠡᠨ ᠪᠤᠭᠤᠳᠠᠯᠯᠠᠬᠤ ᠲᠠᠰᠤᠭ ᠲᠤ ᠬᠦᠷᠬᠦ ᠳᠤ ᠮᠠᠰᠢᠨ ᠲᠤᠨᠤᠭ ᠤᠨ ᠳᠠᠭᠤᠨ ᠬᠦᠷᠴᠢᠭᠢᠨᠡᠨ᠂ ᠠᠵᠢᠯᠴᠢᠳ ᠶᠠᠭ ᠨᠢᠭᠡ ᠪᠦᠯᠦᠭ | ᠭᠠᠳᠠᠭᠠᠳᠤ ᠳᠤ ᠭᠠᠷᠭᠠᠬᠤ ᠴᠢᠨᠠᠷ ᠰᠠᠶᠢᠲᠠᠢ ᠮᠥᠬᠦᠯᠢᠭ ᠳᠦᠭᠦᠷᠡᠩ ᠨᠡᠷᠡᠨ ᠬᠤᠸᠠᠷ ᠤᠨ ᠦᠷ᠎ᠡ ᠶᠢ ᠦᠢᠯᠡᠳᠪᠦᠷᠢᠯᠡᠵᠦ ᠪᠣᠯᠪᠠᠰᠤᠷᠠᠭᠤᠯᠤᠨ ᠪᠤᠭᠤᠳᠠᠯᠯᠠᠵᠤ | ᠪᠠᠶᠢᠯ᠎ᠠ᠃ ᠲᠤᠬᠠᠢ ᠶᠢᠨ ᠭᠠᠵᠠᠷ ᠤᠨ ᠨᠠᠷᠠᠨ ᠬᠤᠸᠠᠷ ᠤᠨ ᠦᠷ᠎ᠡ ᠨᠢ ᠲᠣᠮᠣ᠂ ᠬᠠᠯᠢᠰᠤ ᠨᠢ ᠨᠢᠮᠭᠡᠨ᠂ ᠠᠮᠲᠠ ᠨᠢ ᠰᠠᠶᠢᠬᠠᠨ ᠲᠤᠯᠠ ᠣᠯᠠᠨ ᠵᠢᠯ ᠤᠨ | ᠲᠤᠷᠰᠢ ᠭᠠᠳᠠᠭᠠᠳᠤ ᠶᠢᠨ ᠬᠡᠷᠡᠭᠯᠡᠭᠴᠢᠳ ᠲᠤ ᠶᠡᠬᠡᠪᠡᠷ ᠳᠠᠭᠠᠯᠠᠭᠳᠠᠵᠤ ᠪᠢᠯᠡ᠃ | ᠤᠷᠠᠳ ᠤᠨ ᠡᠮᠦᠨᠡᠲᠦ ᠬᠤᠰᠢᠭᠤᠨ ᠤ ᠮᠢᠨ ᠶᠤᠪ ᠲᠧᠩ ᠢᠳᠡᠭᠡᠨ ᠤ ᠲᠥᠷᠥᠯ ᠤᠨ ᠬᠢᠵᠠᠭᠠᠷᠲᠦ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠨ | ᠪᠣᠭᠤᠳᠠᠯᠯᠠᠭᠰᠠᠨ ᠨᠡᠷᠡᠨ ᠬᠤᠸᠠᠷ ᠤᠨ ᠦᠷ᠎ᠡ ᠨᠢ ᠢᠷᠠᠨ᠂ ᠢᠷᠠᠺ᠂ ᠳ᠋ᠢ ᠪᠠᠢ᠂ ᠦᠽᠪᠧᠺᠰᠲ᠋ᠠᠨ᠂ ᠶᠧᠵᠢᠫᠲ᠂ ᠭᠧᠷᠮᠠᠨ᠂ ᠰᠸᠧᠳᠧᠨ ᠵᠡᠷᠭᠡ 20 ᠭᠠᠷᠤᠢ | ᠤᠯᠤᠰ ᠣᠷᠣᠨ ᠳᠤ ᠪᠣᠷᠤᠯᠠᠭᠤᠯᠤᠭᠳᠠᠵᠤ᠂ ᠤᠯᠤᠰ ᠤᠨ ᠳᠣᠲᠣᠭᠠᠲᠤ ᠭᠠᠳᠠᠭᠠᠳᠤ ᠶᠢᠨ ᠬᠡᠷᠡᠭᠯᠡᠭᠴᠢᠳ ᠤᠨ ᠲᠠᠭᠠᠰᠢᠶᠠᠯ ᠢ ᠣᠯᠤᠨ᠂ ᠣᠳᠣᠬᠠᠨ ᠪᠤᠯᠲᠠᠯ᠎ᠠ | ᠂ ᠭᠠᠳᠠᠭᠠᠳᠤ ᠳᠤ ᠭᠠᠷᠭᠠᠭᠰᠠᠨ ᠪᠦᠲᠦᠭᠡᠭᠳᠡᠭᠦᠨ ᠤ ᠬᠡᠮᠵᠢᠶ᠎ᠡ 7000 ᠭᠠᠷᠤᠢ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20 % ᠪᠠᠷ | ᠨᠡᠮᠡᠭᠳᠡᠨ᠂ ᠡᠨᠡ ᠵᠢᠯ ᠪᠠᠷᠤᠭ ᠭᠠᠳᠠᠭᠠᠳᠤ ᠳᠤ ᠭᠠᠷᠭᠠᠬᠤ ᠬᠡᠮᠵᠢᠶ᠎ᠡ 2 ᠲᠦᠮᠡᠨ ᠲᠤᠨ ᠳᠤ ᠬᠦᠷᠴᠦ᠂ 1000 ᠲᠦᠮᠡᠨ ᠳ᠋ᠤᠯᠯᠠᠷ ᠤᠨ ᠪᠣᠷᠣᠯᠠᠭᠤᠯᠭ᠎ᠠ ᠶᠢᠨ | ᠬᠡᠮᠵᠢᠶ᠎ᠡ ᠶᠢ ᠪᠡᠶᠡᠯᠡᠭᠦᠯᠬᠦ ᠪᠠᠷ ᠪᠤᠢ᠃ | ᠤᠷᠠᠳ ᠤᠨ ᠡᠮᠦᠨᠡᠲᠦ ᠬᠤᠰᠢᠭᠤᠨ ᠤ ᠮᠢᠨ ᠶᠣᠤ ᠲᠧᠩ ᠢᠳᠡᠭᠡᠨ ᠤ ᠲᠥᠷᠥᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠤᠷᠠᠳ ᠤᠨ | ᠡᠮᠦᠨᠡᠲᠦ ᠬᠤᠰᠢᠭᠤᠨ ᠤ ᠬᠥᠭᠦᠷᠭᠡ ᠶᠢᠨ ᠡᠮᠦᠨᠡᠬᠢ ᠠᠵᠤ ᠦᠢᠯᠡᠳᠪᠦᠷᠢ ᠶᠢᠨ ᠲᠣᠭᠤᠷᠢᠭ ᠲᠤ ᠪᠠᠶᠢᠷᠢᠰᠢᠭ᠎ᠠ ᠨᠡᠷᠡᠨ ᠬᠤᠶᠠᠷ ᠤᠨ ᠦᠷ᠎ᠡ ᠶᠢ | ᠦᠢᠯᠡᠳᠪᠦᠷᠢᠯᠡᠵᠦ ᠪᠤᠯᠪᠠᠰᠤᠷᠠᠭᠤᠯᠳᠠᠭ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠪᠣᠯᠤᠨ᠎ᠠ᠃ ᠲᠤᠰ ᠺᠣᠮᠫᠠᠨᠢ ᠨᠢ ᠲᠤᠬᠠᠢ ᠶᠢᠨ ᠭᠠᠵᠠᠷ ᠤᠨ | ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠭᠦᠨ ᠪᠣᠯᠬᠤ ᠨᠠᠷᠠᠨ ᠬᠤᠸᠠᠷ ᠤᠨ ᠦᠷ᠎ᠡ ᠪᠤᠷᠣᠯᠠᠭᠤᠯᠬᠤ ᠪᠠᠷ ᠭᠤᠣᠯᠯᠠᠵᠤ᠂ ᠣᠶᠢᠷ᠎ᠠ ᠶᠢᠨ ᠵᠢᠯ ᠳᠤ᠂ | ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢᠶᠠᠨ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠠᠵᠤ ᠠᠬᠤᠶᠢᠯᠠᠯ ᠨᠢ ᠢᠳᠡᠪᠬᠢᠲᠡᠢ ᠪᠠᠷ ᠭᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠪᠡᠶᠡᠯᠡᠭᠦᠯᠦᠨ᠂ ᠲᠡᠷᠢᠭᠦᠨ ᠤ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠬᠤᠳᠠᠯᠳᠤᠨ ᠠᠪᠴᠢᠷᠠᠵᠤ᠂ ᠴᠢᠨᠠᠷ | ᠰᠠᠶᠢᠲᠠᠢ ᠨᠠᠷᠠᠨ ᠬᠤᠸᠠᠷ ᠤᠨ ᠦᠷ᠎ᠡ ᠶᠢ ᠲᠡᠭᠷᠢ ᠶᠢᠨ ᠬᠡᠰᠢᠭᠲᠦ ᠪᠣᠷᠤᠲᠣᠬᠤᠢ ᠶᠢᠨ ᠨᠡᠷᠡᠳᠦ ᠲᠡᠮᠳᠡᠭ ᠪᠠ ︽ᠨᠢᠭᠡ ᠪᠥᠰᠡ ᠨᠢᠭᠡ ᠵᠠᠮ︾ ᠤᠨ ᠲᠥᠷᠥ ᠶᠢᠨ | ᠪᠣᠳᠣᠯᠭ᠎ᠠ ᠳᠤ ᠲᠦᠰᠢᠭᠯᠡᠨ᠂ ᠤᠯᠤᠰ ᠤᠨ ᠳᠣᠲᠣᠭᠠᠲᠤ ᠶᠢᠨ ᠵᠠᠬ᠎ᠠ ᠳᠡᠯᠭᠡᠭᠦᠷ ᠠᠴᠠ ᠳᠡᠯᠡᠬᠡᠶ ᠶᠢᠨ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠪᠠᠶᠢᠨ᠎ᠠ᠃ | ᠤᠷᠠᠳ ᠤᠨ ᠡᠮᠦᠨᠡᠲᠦ ᠬᠤᠰᠢᠭᠤ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠪᠦᠲᠥᠮᠵᠢᠲᠡᠢ | ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠦᠪᠤᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ︽ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠲᠤᠰᠤᠯ︾ ᠤᠨ ᠲᠣᠭᠤᠷᠢᠨ ᠳᠤ᠂ ᠴᠢᠨᠠᠷ ᠰᠠᠶᠢᠲᠠᠢ ︽ᠨᠢᠭᠡ ᠪᠥᠰᠨ ᠨᠢᠭᠡ | ᠵᠠᠮ︾ ᠭ᠊ ᠬᠠᠮᠲᠤᠪᠠᠷ ᠪᠠᠶᠢᠭᠤᠯᠵᠤ᠂ ᠳᠣᠲᠣᠭᠠᠲᠤ ᠭᠠᠳᠠᠭᠠᠳᠤ ᠶᠢ ᠬᠤᠯᠪᠣᠭᠠᠯᠠᠨ ᠨᠡᠪᠲᠡᠷᠡᠭᠦᠯᠬᠦ ᠡᠷᠬᠢᠨ ᠲᠣᠭᠤᠷᠢᠨ ᠢ ᠨᠥᠯᠥᠭᠡᠯᠡᠬᠦ ᠡᠬᠢ ᠪᠠᠶᠠᠯᠢᠭ ᠢ | ᠲᠥᠪᠯᠡᠷᠡᠭᠦᠯᠦᠨ᠂ ᠲᠠᠷᠬᠠᠭᠠᠵᠤ ᠴᠢᠯᠥᠭᠡᠲᠡᠢ ᠲᠠᠯᠪᠢᠬᠤ ᠲᠠᠪᠴᠠᠩ ᠢ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠪᠠ᠃ ︽ᠦᠢᠯᠡᠴᠢᠯᠡᠭᠡ ᠶᠢ ᠰᠢᠯᠢᠳᠡᠭᠵᠢᠭᠦᠯᠬᠦ᠂ ᠭᠡᠯᠪᠡᠷᠢ ᠬᠤᠪᠢᠷᠠᠭᠤᠯᠬᠤ ᠶᠢ | ᠠᠬᠢᠭᠤᠯᠬᠤ᠂ ᠵᠠᠬ᠎ᠠ ᠳᠡᠯᠭᠡᠭᠦᠷ ᠢ ᠥᠷᠭᠡᠳᠬᠡᠬᠦ︾ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠡᠮᠵᠢᠨ᠂ ᠭᠠᠳᠠᠭᠠᠲᠤ ᠠᠷᠠᠯᠵᠢᠶ᠎ᠠ ᠶᠢ ᠲᠣᠭᠳᠠᠪᠤᠷᠢᠵᠢᠭᠤᠯᠬᠤ | ᠠᠯᠢ ᠣᠯᠠᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ ᠨᠠᠶᠢᠲᠠᠯᠠᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠮᠡᠷᠭᠡᠵᠢᠯ ᠤᠨ | ᠥᠭᠡᠷᠡᠴᠢᠯᠡᠯᠲᠡ ᠶᠢᠨ ᠲᠡᠰ ᠳᠡᠪᠰᠢᠭᠦ᠂ ᠪᠡᠶ᠎ᠡ ᠪᠠᠨ ᠳᠠᠭᠠᠭᠠᠭᠰᠠᠨ ᠲᠥᠷᠥᠯ ᠲᠡᠮᠳᠡᠭ ᠢ ᠡᠭᠦᠳᠴᠦ᠂ ᠣᠯᠠᠨ ᠤᠯᠤᠰ ᠤᠨ ᠡᠵᠡᠩᠨᠡᠨ ᠪᠣᠷᠣᠯᠠᠭᠤᠯᠬᠤ | ᠰᠢᠰᠲ᠋ᠧᠮᠵᠢ ᠶᠢ ᠭᠤᠣᠯᠳᠠᠯᠭ᠎ᠠ ᠲᠠᠢ ᠳᠠᠮᠵᠢᠪᠠ᠃ | ᠣᠳᠣᠬᠠᠨ ᠪᠤᠯᠲᠠᠯ᠎ᠠ᠂ ᠪᠦᠭᠦ ᠬᠤᠰᠢᠭᠤᠨ ᠳᠤ 8 ᠭᠠᠳᠠᠭᠠᠲᠤ ᠠᠷᠠᠯᠵᠢᠶᠠᠨ ᠤ ᠠᠵᠤ ᠠᠬᠤᠶᠢᠯᠠᠯ ᠲᠠᠢ ᠪᠣᠯᠵᠤ᠂ ᠭᠠᠳᠠᠭᠠᠲᠤ ᠭᠠᠷᠭᠠᠯᠳᠠ ᠶᠢᠨ | ᠶᠡᠷᠦᠩᠬᠡᠢ ᠥᠷᠳᠡᠭ ᠨᠢ 8000 ᠭᠠᠷᠤᠢ ᠲᠦᠮᠡᠨ ᠲᠥᠭᠦᠷᠢᠭ ᠢ ᠪᠡᠶᠡᠯᠡᠭᠦᠯᠦᠨ᠂ ᠡᠭᠦᠨ ᠳᠤ ᠲᠠᠷᠢᠶᠠᠯᠠᠩ ᠤᠨ ᠪᠦᠲᠦᠭᠡᠭᠳᠡᠭᠦᠨ ᠤ ᠭᠠᠳᠠᠭᠠᠳᠤ | ᠭᠠᠷᠭᠠᠯᠲᠠ ᠨᠢ 3300 ᠭᠠᠷᠤᠢ ᠲᠦᠮᠡᠨ ᠲᠥᠭᠦᠷᠢᠭ᠂ ᠨᠡᠷᠡᠨ ᠬᠤᠸᠠᠷ ᠤᠨ ᠦᠶ᠎ᠡ ᠶᠢᠨ ᠭᠠᠳᠠᠭᠠᠳᠤ ᠭᠠᠷᠭᠠᠯᠲᠠ ᠨᠢ 2100 ᠭᠠᠷᠤᠢ ᠲᠦᠮᠡᠨ | ᠲᠥᠭᠦᠷᠢᠭ ᠲᠤ ᠭᠦᠷᠴᠡᠢ᠃ | |