11 ᠰᠠᠷ᠎ᠠ ᠶᠢᠨ 11 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠪᠤᠭᠤᠲᠤ ᠶᠢᠨ | ᠠᠨᠾᠦ᠋ᠢ ᠶᠢᠨ ᠬᠤᠳᠠᠯᠳᠤᠭᠠᠴᠢᠳ ᠤᠨ ᠡᠪᠯᠡᠯ ᠤᠨ ᠬᠢᠨ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠰᠣᠶᠣᠯ ᠵᠢᠭᠤᠯᠴᠢᠯᠠᠯ᠂ ᠬᠥᠳᠡᠭᠡ | ᠠᠵᠤ ᠠᠬᠤᠶ ᠵᠡᠷᠭᠡ ᠬᠦᠷᠢᠶᠡᠨ ᠤ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ | ᠨᠢᠭᠤᠷᠳᠠᠨ ᠰᠣᠯᠢᠯᠴᠠᠪᠠ᠃ | ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠪᠠᠶᠠᠨᠪᠢᠯᠢᠭ᠌᠂ ᠪᠤᠭᠤᠲᠤ ᠶᠢᠨ ᠠᠨᠾᠦ᠋ᠢ ᠶᠢᠨ ᠬᠤᠳᠠᠯᠳᠤᠭᠠᠴᠢᠳ ᠤᠨ | ᠡᠪᠯᠡᠯ ᠤᠨ ᠳᠠᠷᠤᠭ᠎ᠠ ᠵᠦ ᠬᠠᠢ ᠪᠥᠸᠧ ᠨᠡᠷ ᠶᠠᠷᠢᠯᠴᠠᠬᠤ ᠬᠤᠷᠠᠯ ᠳᠤ ᠣᠷᠣᠯᠴᠠᠪᠠ᠃ | | | | | ᠶᠠᠷᠢᠯᠴᠠᠬᠤ ᠬᠤᠷᠠᠯ ᠳᠡᠭᠡᠷ᠎ᠡ᠂ ᠰᠣᠶᠣᠯᠲᠤ ᠵᠤ᠋ ᠬᠠᠢ ᠪᠥᠸᠧ ᠨᠡᠷ ᠤᠨ ᠤᠷᠠᠳ ᠤᠨ ᠡᠮᠦᠨᠡᠲᠦ ᠬᠤᠰᠢᠭᠤᠨ ᠳᠤ ᠰᠢᠨᠵᠢᠯᠡᠨ ᠪᠠᠶᠢᠴᠠᠭᠠᠬᠤ ᠪᠠᠷ | ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠰᠣᠶᠣᠯᠲᠤ᠂ ᠤᠷᠠᠳ ᠤᠨ ᠡᠮᠦᠨᠡᠲᠦ ᠬᠤᠰᠢᠭᠤᠨ ᠤ ᠰᠣᠶᠣᠯ ᠵᠢᠭᠤᠯᠴᠢᠯᠠᠯ᠂ ᠬᠥᠳᠡᠭᠡ | ᠠᠵᠤ ᠠᠬᠤᠢ ᠶᠢᠨ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠨᠥᠭᠡᠴᠡ ᠬᠦᠴᠦᠨ ᠯᠤᠲᠤ ᠶᠡᠭᠡ ᠪᠠᠶᠢᠵᠤ᠂ ᠪᠤᠭᠤᠲᠤ ᠶᠢᠨ ᠠᠨᠾᠦ᠋ᠢ ᠶᠢᠨ | ᠬᠤᠳᠠᠯᠳᠤᠭᠠᠴᠢᠳ ᠤᠨ ᠡᠪᠯᠡᠯ ᠤᠷᠠᠳ ᠤᠨ ᠡᠮᠦᠨᠡᠲᠦ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠣᠯᠤᠨ ᠣᠷᠣᠨ ᠪᠠᠶᠢᠷᠢ ᠶᠢᠨ ᠳᠠᠪᠠᠭᠤᠯᠢᠭ ᠢ | ᠤᠬᠠᠭᠤᠯᠤᠨ ᠲᠠᠨᠢᠯᠴᠠᠭᠤᠯᠵᠤ᠂ ᠡᠯ᠎ᠡ ᠲᠠᠯ᠎ᠠ ᠶᠢᠨ ᠡᠷᠳᠡᠮᠲᠡᠨ ᠮᠡᠷᠭᠡᠳ ᠲᠤ ᠡᠮᠦᠨᠡᠲᠦ ᠬᠤᠰᠢᠭᠤ ᠶᠢ ᠤᠢᠢᠯᠠᠭᠠᠭᠤᠯᠵᠤ᠂ ᠠᠵᠤ ᠠᠬᠤᠶᠢᠯᠠᠯ ᠪᠣᠯᠤᠨ | ᠠᠷᠠᠯᠵᠢᠶᠠᠴᠢᠨ ᠢ ᠢᠳᠡᠪᠬᠢᠲᠡᠢ ᠪᠠᠷ ᠤᠷᠢᠵᠤ ᠤᠷᠠᠳ ᠤᠨ ᠡᠮᠦᠨᠡᠲᠦ ᠬᠤᠰᠢᠭᠤᠨ ᠳᠤ ᠪᠡᠯᠡ ᠣᠷᠣᠭᠤᠯᠤᠨ ᠦᠢᠯᠡᠰ ᠪᠤᠰᠬᠠᠬᠤ ᠶᠢ ᠬᠦᠰᠡᠵᠦ ᠪᠠᠶᠢᠨ᠎ᠠ | ᠭᠡᠪᠡ᠃ ᠬᠠᠷᠢᠯᠴᠠᠨ ᠠᠶᠢᠯᠴᠢᠯᠠᠬᠤ ᠪᠠ ᠰᠣᠯᠢᠯᠴᠠᠭ᠎ᠠ ᠬᠢᠬᠦ ᠪᠠᠷ ᠳᠠᠮᠵᠢᠭᠤᠯᠤᠨ᠂ ᠬᠠᠮᠲᠤᠷᠠᠨ ᠠᠵᠢᠯᠯᠠᠬᠤ ᠲᠣᠬᠢᠶᠠᠯ ᠢ ᠡᠷᠢᠵᠦ᠂ ᠡᠬᠢ ᠪᠠᠶᠠᠯᠢᠭ ᠢ | ᠬᠠᠮᠲᠤ ᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠤ᠂ ᠬᠠᠮᠲᠤ ᠪᠠᠷ ᠠᠰᠢᠭ ᠬᠥᠷᠳᠡᠬᠦ ᠬᠥᠭᠵᠢᠯᠲᠡ ᠶᠢ | ᠪᠡᠶᠡᠯᠡᠭᠦᠯᠵᠦ᠂ ᠤᠷᠠᠳ ᠤᠨ ᠡᠮᠦᠨᠡᠲᠦ ᠬᠤᠰᠢᠭᠤ ᠴᠤ ︽ᠬᠥᠬᠡᠭᠴᠢᠨ ᠲᠠᠯ᠎ᠠ ᠶᠢᠨ ᠰᠡᠳᠬᠢᠬᠦᠶ︾ ᠶᠢ ᠪᠠᠲᠤ ᠪᠣᠶ ᠪᠣᠯᠭᠠᠵᠤ᠂ ᠲᠡᠷᠢᠭᠦᠨ ᠵᠡᠷᠭᠡ ᠶᠢᠨ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠡᠯ᠎ᠡ ᠲᠠᠯ᠎ᠠ ᠪᠠᠷ ᠠᠵᠤ ᠠᠬᠤᠶᠢᠯᠠᠯ ᠳᠤ ᠬᠦᠴᠦᠲᠡᠶ | ᠳᠡᠮᠵᠢᠯᠭᠡ ᠦᠵᠡᠭᠦᠯᠵᠦ᠂ ᠣᠯᠠᠨ ᠢᠶᠠᠷ ᠢᠶᠠᠨ ᠲᠤᠬᠠᠶ ᠶᠢᠨ ᠭᠠᠵᠠᠷ ᠲᠠᠭᠠᠨ ᠰᠠᠨᠠᠭ᠎ᠠ ᠠᠮᠤᠷ ᠠᠳᠠᠯ ᠦᠢᠯᠡᠰ ᠴᠣᠭᠴᠠᠯᠠᠬᠤ᠂ ᠰᠠᠨᠠᠭ᠎ᠠ ᠠᠮᠤᠷ ᠡᠵᠡᠩᠨᠡᠬᠦ᠂ | ᠲᠠᠭᠠᠯᠠᠮᠵᠢᠲᠠᠶ ᠪᠠᠷ ᠬᠥᠭᠵᠢᠬᠦ ᠪᠣᠯᠭᠠᠨ᠎ᠠ ᠭᠡᠪᠡ᠃ | | | | | ᠬᠤᠷᠠᠯ ᠳᠤ ᠣᠷᠣᠯᠴᠠᠭᠰᠠᠨ ᠪᠤᠭᠤᠲᠤ ᠶᠢᠨ ᠠᠨᠾᠦ᠋ᠢ ᠶᠢᠨ ᠬᠤᠳᠠᠯᠳᠤᠭᠠᠴᠢᠳ ᠤᠨ ᠡᠪᠯᠡᠯ ᠤᠨ ᠭᠡᠰᠢᠭᠦᠳ ᠤᠨ ᠲᠥᠯᠥᠭᠡᠯᠡᠭᠴᠢ ᠲᠣᠰ ᠲᠣᠰ | ᠥᠪᠡᠷ ᠥᠪᠡᠷ ᠤᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢᠶᠠᠨ ᠲᠠᠨᠢᠯᠴᠠᠭᠤᠯᠪᠠ᠃ ᠵᠦ ᠬᠠᠢ ᠪᠥᠸᠧ ᠨᠠᠷ᠂ ᠪᠤᠭᠤᠲᠤ ᠶᠢᠨ ᠠᠨᠾᠦ᠋ᠢ ᠶᠢᠨ | ᠬᠤᠳᠠᠯᠳᠤᠭᠠᠴᠢᠳ ᠤᠨ ᠡᠪᠯᠡᠯ ᠤᠨ ᠲᠠᠪᠴᠠᠩ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ | ᠠᠵᠠ ᠲᠣᠬᠢᠶᠠᠯ ᠪᠣᠯᠭᠠᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ᠬᠥᠭᠵᠢᠯᠲᠡ ᠶᠢᠨ | ᠬᠤᠣᠰ ᠠᠰᠢᠭ ᠢ ᠬᠠᠮᠲᠤ ᠪᠠᠷ ᠡᠷᠢᠯᠬᠢᠯᠡᠨ᠎ᠡ ᠭᠡᠵᠦ ᠢᠯᠡᠳᠬᠡᠪᠡ᠃ |