11 ᠰᠠᠷ᠎ᠠ ᠶᠢᠨ 13 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠸᠠᠩ ᠵᠢᠶᠦ᠋ᠨ ᠵᠢᠶᠧ 2023 ᠣᠨ ᠤ 11 ᠳ᠋ᠤᠭᠡᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠴᠣᠬᠤᠯᠠᠪᠤᠷᠢ | ᠪᠣᠯᠤᠨ ᠲᠤᠭ᠎ᠠ ᠪᠦᠷᠢᠳᠬᠡᠯ ᠤᠨ ᠬᠦᠷᠢᠶᠡᠨ ᠤ ᠴᠢᠬᠤᠯᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ︾ ᠶᠢ ᠤᠯᠠᠮᠵᠢᠯᠠᠨ | ᠰᠤᠷᠤᠯᠴᠠᠪᠠ᠃ ︽ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ᠂ GDP ᠶᠢᠨ ᠲᠣᠭᠠᠴᠠᠭ᠎ᠠ᠂ | ᠭᠤᠤᠯᠳᠠᠯᠭ᠎ᠠ ᠲᠠᠢ ᠲᠥᠷᠥᠯ ᠵᠦᠢᠯ ᠢ ᠤᠬᠠᠭᠠᠯᠠᠨ ᠲᠥᠯᠥᠪᠯᠡᠵᠦ ᠲᠡᠮᠡᠴᠡᠨ ᠣᠯᠤᠭᠰᠠᠨ ᠪᠠᠶᠢᠳᠠᠯ᠂ ᠵᠠᠬᠢᠳᠠᠯ ᠰᠤᠷᠪᠤᠯᠵᠢᠯᠠᠯ ᠤᠨ ᠠᠵᠢᠯ ᠵᠡᠷᠭᠡ ᠲᠠᠯ᠎ᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | | | | | ᠬᠤᠷᠠᠯ ᠠᠴᠠ᠂ ᠲᠤᠭ᠎ᠠ ᠪᠦᠷᠢᠳᠬᠡᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠪᠣᠯᠤᠨ ᠤᠨᠤᠯ ᠤᠨ ᠮᠡᠳᠡᠯᠭᠡ ᠶᠢ ᠰᠠᠶᠢᠲᠤᠷ ᠰᠤᠷᠤᠯᠴᠠᠨ ᠰᠠᠶᠢᠲᠤᠷ | ᠬᠡᠷᠡᠭᠯᠡᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠠᠰᠠᠭᠤᠳᠠᠯ ᠭᠠᠷᠬᠤ ᠠᠴᠠ ᠡᠷᠡᠰ ᠵᠠᠶᠢᠯᠠᠰᠬᠢᠵᠦ᠂ ︽ᠪᠠᠶᠢᠭᠤᠯᠭ᠎ᠠ ᠶᠢᠨ ᠪᠠᠶᠢᠳᠠᠯ ᠢ ᠪᠦᠷᠢᠨ | ᠣᠶᠢᠯᠠᠭᠠᠵᠤ᠂ ᠮᠡᠳᠡᠭᠡ ᠵᠠᠩᠭᠢ ᠶᠢ ᠣᠨᠣᠪᠴᠢᠲᠠᠢ ᠲᠠᠭᠯᠠᠬᠤ︾ ᠱᠠᠭᠠᠷᠳᠠᠯᠭ᠎ᠠ ᠶᠣᠰᠣᠭᠠᠷ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ | ᠪᠣᠳᠠᠲᠠᠶᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠢ ᠤᠬᠠᠭᠠᠯᠠᠨ ᠲᠥᠰᠦᠪᠯᠡᠵᠦ ᠲᠡᠮᠡᠴᠡᠨ ᠤᠯᠬᠤ ᠲᠠᠯ᠎ᠠ ᠪᠠᠷ᠂ ᠡᠯ᠎ᠡ ᠬᠤᠪᠢᠳᠠᠨ | ᠬᠠᠮᠢᠶᠠᠷᠴᠤ ᠪᠠᠶᠢᠭ᠎ᠠ ᠳᠡᠳ᠋ ᠬᠤᠰᠢᠭᠤ ᠳᠠᠷᠤᠭ᠎ᠠ ᠰᠢᠭᠤᠳ ᠠᠩᠬᠠᠷᠴᠤ᠂ ᠱᠠᠯᠠᠪᠳᠠᠨ ᠴᠢᠷᠮᠠᠶᠢᠨ ᠲᠦᠷᠭᠡᠨ ᠰᠢᠢᠳᠪᠦᠷᠢᠯᠡᠵᠦ᠂ ᠨᠢᠭᠡ ᠶᠢ ᠴᠦ ᠠᠯᠳᠠᠬᠤ | ᠦᠭᠡᠢ ᠪᠠᠷ ᠪᠣᠳᠠᠲᠠᠢ ᠠᠳᠬᠤᠵᠤ᠂ ᠨᠢᠭᠡ ᠠᠯᠬᠤᠮ ᠴᠤ ᠳᠤᠲᠠᠬᠤ ᠦᠭᠡᠢ ᠪᠠᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠲᠠᠯ᠎ᠠ ᠪᠠᠷ᠂ ᠭᠤᠤᠯ ᠬᠠᠷᠢᠭᠤᠴᠠᠯᠭᠠᠲᠠᠨ ᠢ | ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠲᠦᠷᠦᠭᠦᠯᠡᠨ ᠨᠠᠶᠢᠳᠠᠪᠤᠷᠢᠵᠢᠭᠤᠯᠵᠤ᠂ ᠪᠣᠯᠵᠣᠨ ᠰᠤᠷᠪᠤᠯᠵᠢᠯᠠᠬᠤ᠂ | ᠠᠷᠢᠯᠭᠠᠬᠤ᠂ ᠲᠣᠭᠲᠠᠭᠤᠨ ᠪᠠᠶᠢᠯᠭᠠᠬᠤ ᠠᠵᠢᠯ ᠢ ᠢᠳᠡᠪᠬᠢᠲᠡᠶ ᠥᠷᠨᠢᠭᠦᠯᠬᠦ ᠬᠡᠷᠡᠭᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠮᠡᠳᠡᠭᠡ | ᠵᠠᠩᠭᠢ ᠶᠢᠨ ᠠᠷᠭ᠎ᠠ ᠵᠠᠮ ᠢ ᠰᠢᠯᠤᠭᠤᠳᠬᠠᠵᠤ᠂ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠲᠤᠬᠢᠷᠠᠭᠤᠯᠬᠤ᠂ ᠤᠷᠢᠳᠴᠢᠯᠠᠨ | ᠰᠡᠷᠡᠮᠵᠢᠯᠡᠭᠦᠯᠵᠦ ᠰᠤᠳᠤᠯᠤᠨ ᠮᠠᠭᠠᠳᠯᠠᠬᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠶᠢ ᠴᠢᠩᠭᠠᠳᠬᠠᠵᠤ᠂ ᠭᠡᠨᠡᠳᠲᠡ ᠶᠢᠨ | ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ︽ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠡᠨᠡᠳᠲᠡ ᠶᠢᠨ ᠬᠡᠷᠡᠭ ᠢ ᠶᠡᠷᠦᠩᠬᠡᠢ ᠳᠤᠨᠢ | ᠠᠷᠭᠠᠴᠠᠭᠠᠬᠤ ᠲᠥᠰᠦᠯ ︵ᠶᠠᠷᠢᠯᠴᠠᠬᠤ ᠨᠤᠤᠷᠠᠭ︶︾ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃ |