︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠬᠥᠮᠦᠵᠢᠯ ᠢ ᠠᠬᠢᠭᠤᠯᠬᠤ ᠳᠦᠷᠢᠮ︾ ᠢ ᠢᠳᠡᠪᠬᠢᠲᠡᠢ ᠨᠠᠶᠢᠳᠠᠪᠤᠷᠢᠵᠢᠭᠤᠯᠵᠤ᠂ | ᠰᠤᠷᠭᠠᠭᠤᠯᠢ ᠶᠢᠨ ᠬᠠᠮᠵᠢᠯᠴᠠᠨ ᠬᠥᠮᠥᠵᠢᠭᠦᠯᠬᠦ ᠤᠳᠤᠷᠢᠳᠤᠮᠵᠢ ᠶᠢᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠭᠡᠷ ᠪᠦᠯᠢ ᠪᠠ ᠨᠡᠶᠢᠭᠡᠮ ᠲᠠᠢ | ᠨᠢᠭᠲᠠ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠴᠡᠴᠡᠷᠯᠢᠭ ᠤᠨ ᠭᠡᠷ ᠤᠨ ᠬᠥᠮᠦᠵᠢᠯ ᠤᠨ ᠬᠢᠴᠢᠶᠡᠯ ᠤᠨ ᠲᠣᠭᠲᠠᠯᠴᠠᠭ᠎ᠠ ᠶᠢ ᠪᠠᠶᠢᠭᠤᠯᠬᠤ ᠵᠢᠯᠤᠭᠤᠳᠬᠤ | ᠬᠥᠲᠥᠯᠪᠦᠷᠢ︾ ᠶᠢ ᠨᠡᠶᠢᠲᠡᠯᠡᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠰᠠᠭᠤᠷᠢ ᠰᠤᠷᠭᠠᠨ ᠬᠥᠮᠦᠵᠢᠯ ᠬᠦᠷᠲᠡᠯᠡᠬᠢ | ᠱᠠᠲᠤᠨ ᠳᠤ ᠭᠡᠷ ᠤᠨ ᠬᠥᠮᠦᠵᠢᠯ ᠤᠨ ᠬᠢᠴᠢᠶᠡᠯ ᠢ ᠨᠡᠭᠡᠭᠡᠨ ᠬᠥᠭᠵᠢᠭᠦᠯᠬᠦ᠂ ᠵᠢᠯᠤᠭᠤᠳᠬᠤ᠂ ᠬᠡᠷᠡᠭᠵᠢᠭᠦᠯᠬᠦ ᠵᠢᠴᠢ ᠦᠨᠡᠯᠡᠬᠦ ᠵᠡᠷᠭᠡ ᠶᠢ ᠥᠷᠨᠢᠭᠦᠯᠬᠦ ᠲᠤᠬᠠᠢ | ᠠᠷᠭ᠎ᠠ ᠪᠠ ᠦᠨᠳᠦᠰᠦᠯᠡᠯ ᠬᠠᠩᠭᠠᠬᠤ ᠶᠢ ᠲᠣᠳᠣᠷᠬᠠᠶᠢᠯᠠᠵᠤ᠂ ᠳᠤᠮᠳᠠᠳᠤ ᠪᠠᠭ᠎ᠠ ᠰᠤᠷᠭᠠᠭᠤᠯᠢ ᠴᠡᠴᠡᠷᠯᠢᠭ ᠵᠢᠴᠢ ᠰᠤᠷᠭᠠᠭᠤᠯᠢ ᠳᠤ ᠣᠷᠣᠬᠤ ᠨᠠᠰᠤᠨ ᠤ | ᠪᠠᠭᠠᠴᠤᠳ ᠤᠨ ᠭᠡᠷ ᠤᠨ ᠠᠬᠠᠮᠠᠳ ᠤᠨ ᠭᠡᠷ ᠤᠨ ᠬᠥᠮᠦᠵᠢᠯ ᠢ ᠪᠣᠳᠠᠲᠠᠢ ᠥᠷᠨᠢᠭᠦᠯᠬᠦ ᠳᠤ ᠯᠠᠪᠯᠠᠯᠲᠠ ᠬᠠᠩᠭᠠᠪᠠ᠃ | ᠴᠡᠴᠡᠷᠯᠢᠭ ᠤᠨ ᠱᠠᠲᠤᠨ ᠳᠤ ᠲᠥᠬᠦᠮ ᠲᠠᠨᠢᠨ ᠮᠡᠳᠡᠬᠦᠢ ᠪᠠ ᠦᠢᠯᠡ ᠠᠵᠢᠯᠯᠠᠭ᠎ᠠ ᠪᠤᠶᠤ ᠬᠥᠳᠡᠯᠭᠡᠭᠡᠨ ᠤ ᠬᠢᠴᠢᠶᠡᠯ ᠢᠶᠠᠷ ᠭᠤᠣᠯᠯᠠᠵᠤ᠂ ᠠᠭᠤᠯᠭ᠎ᠠ | ᠬᠡᠯᠪᠡᠷᠢ ᠶᠢᠨ ᠲᠠᠯ᠎ᠠ ᠪᠠᠷ ᠰᠢᠭᠤᠳ ᠦᠵᠡᠭᠦᠯᠬᠦ᠂ ᠰᠣᠨᠢᠷᠬᠠᠯᠲᠠᠢ ᠪᠠᠶᠢᠬᠤ ᠶᠢ ᠢᠯᠡᠷᠡᠭᠦᠯᠦᠨ᠎ᠡ︔ ᠪᠠᠭ᠎ᠠ ᠰᠤᠷᠭᠠᠭᠤᠯᠢ ᠶᠢᠨ ᠱᠠᠲᠤᠨ ᠳᠤ ᠬᠡᠦᠬᠡᠳ ᠤᠨ | ᠰᠡᠳᠬᠢᠯᠭᠡ ᠲᠣᠭᠲᠠᠪᠤᠷᠢ ᠦᠭᠡᠢ ᠪᠠ ᠬᠥᠳᠡᠯᠦᠮᠡᠲᠡᠭᠡᠢ ᠣᠨᠴᠠᠯᠢᠭ ᠢ ᠬᠠᠷᠠᠭᠠᠯᠵᠠᠵᠤ᠂ ᠭᠡᠷ ᠤᠨ ᠬᠥᠮᠦᠵᠢᠯ ᠤᠨ ᠬᠢᠴᠢᠶᠡᠯ ᠤᠨ ᠲᠣᠬᠢᠷᠠᠭᠤᠯᠤᠯᠲᠠ ᠨᠢ | ᠬᠥᠳᠡᠯᠭᠡᠭᠡᠨ ᠤ ᠬᠢᠴᠢᠶᠡᠯ ᠪᠤᠶᠤ ᠶᠡᠷᠦᠩᠬᠡᠶᠢᠯᠡᠭᠰᠡᠨ ᠬᠢᠴᠢᠶᠡᠯ ᠢᠶᠠᠷ ᠭᠤᠣᠯᠯᠠᠵᠤ᠂ ᠠᠭᠤᠯᠭ᠎ᠠ ᠬᠡᠯᠪᠡᠷᠢ ᠶᠢᠨ ᠲᠠᠯ᠎ᠠ ᠪᠠᠷ ᠠᠬᠤᠢ ᠪᠠᠶᠢᠳᠠᠯ ᠤᠨ ᠴᠢᠨᠠᠷ ᠢ | ᠢᠯᠡᠷᠡᠭᠦᠯᠦᠨ᠎ᠡ︔ ᠳᠤᠮᠳᠠᠳᠤ ᠰᠤᠷᠭᠠᠭᠤᠯᠢ ᠶᠢᠨ ᠱᠠᠲᠤᠨ ᠳᠤ ᠰᠤᠷᠤᠭᠴᠢᠳ ᠤᠨ ᠰᠡᠳᠬᠢᠬᠦᠢ ᠪᠠ ᠪᠡᠶ᠎ᠡ ᠪᠠᠨ ᠳᠠᠭᠠᠭᠠᠭᠰᠠᠨ ᠥᠪᠡᠷ ᠪᠡᠶ᠎ᠡ ᠶᠢᠨ | ᠤᠬᠠᠮᠰᠠᠷ ᠤᠨ ᠣᠨᠴᠠᠯᠢᠭ ᠢ ᠴᠢᠬᠤᠯᠠᠴᠢᠯᠠᠵᠤ᠂ ᠭᠡᠷ ᠤᠨ ᠬᠥᠮᠦᠵᠢᠯ ᠤᠨ ᠬᠢᠴᠢᠶᠡᠯ ᠤᠨ ᠲᠣᠬᠢᠷᠠᠭᠤᠯᠤᠯᠲᠠ ᠨᠢ ᠲᠠᠨᠢᠨ ᠮᠡᠳᠡᠬᠦᠢ ᠶᠢᠨ ᠬᠢᠴᠢᠶᠡᠯ ᠪᠤᠶᠤ | ᠶᠡᠷᠦᠩᠬᠡᠶᠢᠯᠡᠭᠰᠡᠨ ᠬᠢᠴᠢᠶᠡᠯ ᠢᠶᠠᠷ ᠭᠤᠣᠯᠯᠠᠵᠤ᠂ ᠠᠭᠤᠯᠭ᠎ᠠ ᠬᠡᠯᠪᠡᠷᠢ ᠶᠢᠨ ᠲᠠᠯ᠎ᠠ ᠪᠠᠷ ᠥᠪᠡᠷᠮᠢᠴᠡ ᠣᠨᠴᠠᠯᠢᠭ᠂ ᠰᠣᠩᠭᠤᠯᠲᠠ ᠵᠢᠴᠢ ᠥᠪᠡᠷ ᠪᠡᠶ᠎ᠡ ᠶᠢᠨ | ᠣᠷᠣᠰᠢᠬᠤᠢ ᠶᠢ ᠢᠯᠡᠷᠡᠭᠦᠯᠦᠨ᠎ᠡ᠃ ᠡᠭᠦᠨ ᠤ ᠬᠠᠮᠲᠤ᠂ ᠡᠯ᠎ᠡ ᠰᠤᠷᠭᠠᠭᠤᠯᠢ ᠭᠡᠷ ᠤᠨ ᠬᠥᠮᠦᠵᠢᠯ ᠤᠨ ᠰᠤᠷᠭᠠᠭᠤᠯᠢ ᠢᠶᠠᠷ ᠦᠨᠳᠦᠰᠦᠯᠡᠭᠰᠡᠨ ᠬᠢᠴᠢᠶᠡᠯ ᠢ | ᠢᠳᠡᠪᠬᠢᠲᠡᠢ ᠪᠠᠷ ᠰᠦᠪᠡᠭᠴᠢᠯᠡᠨ ᠪᠠᠶᠢᠭᠤᠯᠵᠤ᠂ ᠰᠦᠯᠵᠢᠶᠡᠨ ᠳᠡᠭᠡᠷᠡᠬᠢ ᠭᠡᠷ ᠤᠨ ᠠᠬᠠᠮᠠᠳ ᠤᠨ ᠰᠤᠷᠭᠠᠭᠤᠯᠢ ᠶᠢᠨ ᠬᠢᠴᠢᠶᠡᠯ ᠤᠨ ᠡᠬᠢ ᠪᠠᠶᠠᠯᠢᠭ ᠢ | ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠤᠨ ᠬᠠᠮᠵᠢᠯᠴᠠᠨ ᠬᠥᠮᠥᠵᠢᠭᠦᠯᠬᠦ ᠪᠦᠲᠦᠮᠵᠢᠲᠡᠶ ᠵᠠᠭᠪᠤᠷ ᠢ | ᠶᠡᠭᠡ ᠪᠠᠷ ᠳᠡᠯᠭᠡᠷᠡᠭᠦᠯᠦᠨ᠂ ᠠᠷᠭ᠎ᠠ ᠬᠢᠳᠡᠯ ᠢᠶᠠᠨ ᠰᠢᠨᠡᠴᠢᠯᠡᠬᠦ ᠪᠠ ᠲᠡᠷᠢᠭᠦᠨ ᠤ ᠲᠤᠷᠰᠢᠯᠭ᠎ᠠ ᠶᠢ ᠲᠣᠯᠢᠯᠠᠵᠤ᠂ ᠲᠣᠰ ︽ᠵᠢᠯᠤᠭᠤᠳᠬᠤ ᠬᠥᠲᠥᠯᠪᠦᠷᠢ︾ ᠶᠢ | ᠯᠠᠪᠯᠠᠨ᠂ ᠲᠣᠰ ᠭᠠᠵᠠᠷ ᠣᠷᠣᠨ ᠤ ᠬᠠᠮᠵᠢᠯᠴᠠᠨ ᠬᠥᠮᠥᠵᠢᠭᠦᠯᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠢ ᠢᠳᠡᠪᠬᠢᠲᠡᠢ ᠪᠠᠷ ᠪᠠᠶᠢᠭᠤᠯᠵᠤ᠂ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ᠃ | |