11 ᠳ᠋ᠦ᠋ᠭᠡᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠬᠥᠮᠦᠯᠢᠭ ᠦᠵᠡᠯ ᠤᠨ ︽ᠠᠯᠬᠤᠵᠤ ᠭᠢᠰᠬᠢᠬᠦ ᠶᠢ ᠲᠤᠰᠠᠯᠠᠬᠤ︾ ᠬᠢᠯᠢ | ᠬᠢᠵᠠᠭᠠᠷ ᠣᠷᠣᠨ ᠤ ᠬᠦᠴᠢᠷᠳᠡᠯᠲᠡᠢ ᠭᠡᠷ ᠪᠦᠯᠢ ᠶᠢᠨ ᠡᠪᠡᠳᠴᠢᠲᠡᠨ ᠤ ᠡᠪᠦᠳᠦᠭ ᠰᠡᠭᠦᠵᠢ ᠶᠢᠨ ᠦᠶ᠎ᠡ ᠶᠢ ᠨᠢ ᠰᠣᠯᠢᠵᠤ ᠲᠤᠰᠠᠯᠠᠬᠤ ᠠᠵᠢᠯᠯᠠᠭ᠎ᠠ | ᠤᠯᠠᠭᠠᠨᠴᠠᠪ ᠬᠤᠲᠠ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ ᠴᠢ᠊ ᠪᠠᠲᠤ ᠡᠬᠢᠯᠡᠯᠲᠡ ᠶᠢᠨ | ᠶᠣᠰᠣᠯᠠᠯ ᠳᠤ ᠣᠷᠣᠯᠴᠠᠭᠰᠠᠨ ᠪᠥᠭᠡᠳ ᠬᠠᠯᠠᠮᠵᠢ ᠶᠢᠨ ᠠᠵᠤ ᠠᠬᠤᠶᠢᠯᠠᠯ ᠳᠤ ᠲᠠᠯᠠᠷᠬᠠᠯ ᠤᠨ ᠪᠢᠴᠢᠭ ᠭᠠᠷᠳᠠᠭᠤᠯᠵᠠᠢ᠃ | ᠣᠶᠢᠯᠠᠭᠠᠭᠰᠠᠨ ᠢᠶᠠᠷ᠂ ᠲᠣᠰ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠥᠪᠥᠷ ᠮᠣᠩᠭᠤᠯ ᠤᠨ | ᠭᠡᠷᠡᠯᠲᠦ ᠦᠢᠯᠡᠰ ᠢ ᠠᠬᠢᠭᠤᠯᠬᠤ ᠨᠡᠶᠢᠭᠡᠮᠯᠢᠭ ᠪᠣᠯᠣᠨ ᠥᠪᠥᠷ ᠮᠣᠩᠭᠤᠯ ᠤᠨ ᠭᠡᠷᠡᠯᠲᠦ ᠦᠢᠯᠡᠰ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ ᠬᠠᠮᠲᠤᠷᠠᠨ | ᠠᠬᠢᠭᠤᠯᠵᠤ᠂ 3 ᠵᠢᠯ ᠤᠨ ᠬᠤᠭᠤᠴᠠᠭᠠᠨ ᠳᠤ 19 ᠬᠢᠯᠢ ᠶᠢᠨ ᠬᠤᠰᠢᠭᠤᠨ ︵ᠬᠤᠲᠠ︶ ᠳᠤ ᠨᠡᠶᠢᠲᠡ 600 ᠮᠡᠰᠡ ᠵᠠᠰᠠᠯ ᠬᠢᠵᠦ᠂ ᠬᠦᠴᠢᠷᠳᠡᠯᠲᠡᠢ ᠭᠡᠷ | ᠪᠦᠯᠢ ᠶᠢᠨ ᠡᠪᠡᠳᠴᠢᠲᠡᠨ ᠢ ᠬᠠᠪᠰᠤᠷᠤᠨ ᠡᠷᠡᠭᠦᠯᠵᠢᠭᠦᠯᠵᠦ᠂ ᠬᠢᠯᠢ ᠬᠢᠵᠠᠭᠠᠷ ᠣᠷᠣᠨ ᠤ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠢ | ᠨᠡᠮᠡᠭᠳᠡᠭᠦᠯᠦᠨ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠷ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ | ᠣᠷᠣᠨ ᠢ ᠲᠣᠭᠲᠠᠪᠤᠷᠢᠵᠢᠭᠤᠯᠤᠨ ᠪᠠᠬᠢᠵᠢᠭᠦᠯᠬᠦ ᠳᠤ ᠬᠦᠴᠦ ᠨᠡᠮᠡᠷᠢᠯᠡᠬᠦ ᠪᠠᠷ ᠲᠥᠯᠥᠪᠯᠡᠵᠦ ᠪᠣᠶ᠃ | |