ᠶᠡᠭᠡ ᠰᠢᠭᠡᠲᠡᠢ ᠪᠠᠯᠭᠠᠰᠤ ︽ᠭᠤᠷᠪᠠᠨ ᠴᠢᠭᠯᠡᠯ ᠳᠤ ᠬᠦᠴᠦᠨ ᠢᠶᠠᠨ ᠲᠦᠪᠯᠡᠷᠡᠭᠦᠯᠬᠦ︾ ᠭᠤᠣᠯ ᠰᠡᠳᠣᠪᠲᠣ ᠬᠦᠮᠦᠵᠢᠯ ᠤᠨ ︽ᠲᠣᠬᠢᠷᠠᠭᠤᠯᠣᠯᠲᠠ︾ ᠶᠢᠨ ᠪᠣᠳᠠᠲᠠᠶ ᠶᠢ ᠡᠷᠬᠢᠮᠯᠡᠨ᠂ ︽ᠰᠤᠳᠤᠯᠬᠤ︾ ᠪᠠᠷ ᠬᠡᠷᠡᠭᠯᠡᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2023/11/15
   ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠶᠡᠭᠡ ᠰᠢᠭᠡᠲᠡᠢ ᠪᠠᠯᠭᠠᠰᠣ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠦᠰᠢᠭᠯᠡᠨ ᠡᠷᠦᠬᠡ ᠳᠤ ᠣᠷᠣᠵᠤ ᠰᠤᠷᠪᠤᠯᠵᠢᠯᠠᠬᠤ᠂ ᠠᠰᠠᠭᠤᠳᠠᠯ ᠤᠨ ᠤᠳᠤᠷᠢᠳᠤᠮᠵᠢ ᠳᠤ ᠠᠩᠬᠠᠷᠤᠯ ᠢᠶᠠᠨ ᠲᠥᠪᠯᠡᠷᠡᠭᠦᠯᠦᠨ᠂ ᠪᠠᠶᠢᠴᠠᠭᠠᠨ ᠰᠤᠳᠤᠯᠬᠤ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠣᠶᠠᠯᠳᠣᠭᠤᠯᠵᠣ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠪᠣᠳᠠᠲᠤ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃   ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠪᠠᠶᠢᠴᠠᠭᠠᠨ ᠰᠤᠳᠤᠯᠬᠤ ᠠᠷᠭ᠎ᠠ ᠵᠠᠮ ᠢᠶᠠᠨ ᠥᠷᠭᠡᠳᠬᠡᠵᠦ᠂ ︽ᠰᠠᠨᠠᠭᠠᠴᠢᠯᠠᠭᠠᠲᠤ ᠪᠤᠰᠤ︾ ᠶᠢ ︽ᠰᠠᠨᠠᠭᠠᠴᠢᠯᠠᠭᠠᠲᠤ︾ ᠪᠣᠯᠭᠠᠪᠠ᠃ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠨᠠᠷ ᠪᠠᠶᠢᠴᠠᠭᠠᠨ ᠰᠤᠳᠤᠯᠤᠯᠲᠠ ᠥᠷᠨᠢᠭᠦᠯᠬᠦ ᠶᠠᠪᠤᠴᠠ ᠳᠤ᠂ ᠡᠷᠦᠬᠡ ᠳᠤ ᠬᠦᠷᠴᠦ ᠰᠤᠷᠪᠤᠯᠵᠢᠯᠠᠬᠤ᠂ ᠲᠣᠰᠬᠤᠨ ᠤ ᠠᠷᠠᠳ ᠤᠨ ᠵᠥᠪᠯᠡᠯ ᠢ ᠶᠠᠷᠢᠯᠴᠠᠨ ᠰᠣᠯᠢᠯᠴᠠᠬᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠠᠷᠠᠳ ᠤᠨ ᠰᠠᠨᠠᠯ ᠢ ᠬᠤᠷᠢᠶᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠶᠢᠴᠠᠭᠠᠨ ᠰᠤᠳᠤᠯᠤᠯᠲᠠ ᠶᠢᠨ ᠭᠤᠣᠯ ᠴᠣᠭᠴᠠ ᠶᠢ ᠲᠣᠰᠬᠤᠨ ᠤ ᠵᠥᠪᠯᠡᠯ ᠤᠨ ᠺᠠᠳ᠋ᠷ ᠠᠴᠠ ᠪᠦᠬᠦ ᠤᠯᠠᠨ ᠲᠦᠮᠡᠨ ᠳᠤ ᠬᠦᠷᠲᠡᠯ᠎ᠡ ᠥᠷᠭᠡᠳᠬᠡᠵᠦ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ  ᠶᠢ ᠪᠦᠬᠦ ᠲᠠᠯ᠎ᠠ ᠪᠠᠷ ᠴᠤᠭᠯᠠᠭᠤᠯᠵᠤ᠂ ᠨᠠᠮ ᠤᠨ ᠡᠭᠦᠷ ᠠᠴᠠ ᠬᠤᠷᠰᠢᠶ᠎ᠠ ᠶᠢ ᠳᠠᠭᠠᠭᠤᠯᠤᠨ ᠡᠷᠬᠢᠯᠡᠬᠦ᠂ ᠠᠵᠤ ᠦᠢᠯᠡᠰ ᠢ ᠬᠥᠭᠵᠢᠭᠦᠯᠬᠦ᠂ ᠤᠰᠤ ᠠᠷᠪᠢᠯᠠᠬᠤ ᠤᠰᠤ ᠶᠢ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ 6 ᠵᠦᠢᠯ ᠤᠨ ᠪᠠᠶᠢᠴᠠᠭᠠᠨ ᠰᠤᠳᠤᠯᠤᠯᠲᠠ ᠶᠢᠨ ᠰᠡᠳᠦᠪ ᠢ ᠪᠦᠷᠢᠯᠳᠦᠬᠦᠯᠦᠨ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠵᠢᠯ ᠢ ᠠᠬᠢᠭᠤᠯᠬᠤ ︽ᠮᠡᠷᠭᠡᠨ ᠠᠷᠭ᠎ᠠ︾ ᠶᠢ ᠢᠳᠡᠪᠬᠢᠲᠡᠢ ᠴᠤᠭᠯᠠᠭᠤᠯᠵᠤ᠂ ᠤᠯᠠᠨ ᠲᠦᠮᠡᠨ ᠤ ᠲᠤᠯᠭᠠᠮᠳᠠᠵᠤ ᠪᠠᠶᠢᠭ᠎ᠠ᠂ ᠵᠣᠪᠠᠵᠤ ᠪᠠᠶᠢᠭ᠎ᠠ᠂ ᠬᠦᠰᠡᠵᠦ ᠪᠠᠶᠢᠭ᠎ᠠ ᠠᠰᠠᠭᠤᠳᠠᠯ ᠢ ᠬᠠᠮᠲᠤ ᠪᠠᠷ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠵᠤᠯ ᠵᠢᠷᠭᠠᠯ ᠤᠨ ᠲᠤᠭ᠎ᠠ ᠶᠢ ᠨᠢ ᠨᠡᠮᠡᠭᠳᠡᠭᠦᠯᠪᠡ᠃    ᠬᠥᠭᠵᠢᠯᠲᠡ ᠶᠢ ᠲᠥᠯᠥᠪᠵᠢᠭᠦᠯᠬᠦ ᠳᠤ ᠬᠦᠴᠦᠨ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠥᠷᠭᠡᠳᠬᠡᠵᠦ᠂ ︽ᠬᠦᠴᠢᠷᠳᠡᠯ︾ ᠢ ︽ᠠᠵᠠ ᠲᠣᠬᠢᠶᠠᠯ︾ ᠪᠣᠯᠭᠠᠨ ᠬᠤᠪᠢᠷᠠᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠨᠠᠷ ᠶᠡᠭᠡ ᠰᠢᠭᠡᠲᠡᠢ ᠪᠠᠯᠭᠠᠰᠤᠨ ᠤ ᠯᠠᠵᠤᠤ ᠶᠢᠨ ᠠᠵᠤ ᠦᠢᠯᠡᠰ ᠤᠨ ᠲᠣᠭᠤᠷᠢᠨ ᠳᠤ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠶᠢ ᠵᠠᠰᠠᠬᠤ ᠠᠵᠢᠯ ᠲᠠᠢ ᠤᠶᠠᠯᠳᠤᠭᠤᠯᠤᠨ᠂ ᠪᠠᠶᠢᠴᠠᠭᠠᠨ ᠰᠤᠳᠤᠯᠤᠯᠲᠠ ᠪᠠᠷ ᠳᠡᠮᠵᠢᠨ ᠬᠥᠭᠵᠢᠯᠲᠡ ᠶᠢ ᠰᠦᠪᠡᠭᠴᠢᠯᠡᠵᠦ᠂ ᠤᠰᠤ ᠠᠷᠪᠢᠯᠠᠬᠤ ᠥᠨᠳᠥᠷ ᠪᠦᠲᠦᠮᠵᠢᠲᠡᠶ ᠣᠨᠴᠠᠯᠢᠭᠲᠤ ᠠᠵᠤ  ᠦᠢᠯᠡᠰ ᠤᠨ ᠵᠠᠮ ᠢ ᠲᠤᠷᠰᠢᠨ ᠨᠡᠭᠡᠭᠡᠵᠦ᠂ ᠲᠣᠰᠬᠤᠨ ᠤ ᠬᠠᠮᠲᠤ ᠶᠢᠨ ᠠᠵᠤ ᠠᠬᠤᠶ ᠪᠠ ᠲᠣᠰᠬᠤᠨ ᠤ ᠠᠷᠠᠳ ᠤᠨ ᠣᠷᠣᠯᠭ᠎ᠠ ᠶᠢᠨ ᠰᠢᠨ᠎ᠡ ᠨᠡᠮᠡᠭᠳᠡᠯ ᠢ ᠳᠠᠶᠢᠴᠢᠯᠠᠪᠠ᠃ ᠡᠨᠡ ᠵᠢᠯ ᠤᠨ ᠨᠠᠮᠤᠷ ᠤᠨ ᠬᠤᠷᠢᠶᠠᠯᠲᠠ ᠳᠠᠭᠤᠰᠤᠭᠰᠠᠨ ᠤ ᠳᠠᠷᠠᠭ᠎ᠠ᠂  ᠲᠡᠳᠡ ᠲᠣᠰᠬᠤᠨ ᠤ ᠬᠤᠶᠠᠷ ᠵᠥᠪᠯᠡᠯ ᠤᠨ ᠺᠠᠳ᠋ᠷ᠂ ᠲᠠᠷᠢᠶᠠᠴᠢᠨ ᠡᠷᠦᠬᠡ ᠵᠡᠷᠭᠡ ᠲᠠᠢ ᠡᠨᠡ ᠵᠢᠯ ᠤᠨ ᠤᠰᠤ ᠠᠷᠪᠢᠯᠠᠬᠤ ᠤᠰᠤ ᠬᠢᠵᠠᠭᠠᠷᠯᠠᠬᠤ ᠠᠵᠢᠯ ᠢ ᠳᠥᠯᠭᠢᠨ ᠠᠬᠢᠭᠤᠯᠬᠤ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠤᠨ ᠳᠠᠷᠢᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠨᠠᠷᠢᠨ ᠣᠶᠢᠯᠠᠭᠠᠵᠤ᠂ ᠲᠥᠪᠯᠡᠷᠡᠩᠭᠦᠶ ᠨᠡᠶᠢᠲᠡᠯᠢᠭ ᠴᠢᠨᠠᠷᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠬᠠᠶ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠪᠡ᠃ ᠵᠢᠱᠢᠶᠡᠯᠡᠪᠡᠯ  ︽ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ︾ ᠪᠠᠷ ᠳᠠᠮᠵᠢᠭᠤᠯᠤᠨ᠂  ᠰᠢᠭᠡᠲᠡᠢ ᠣᠷᠣᠨ ᠪᠣᠯᠤᠨ ᠯᠢᠨ ᠾᠧ ᠵᠡᠷᠭᠡ ᠭᠠᠵᠠᠷ ᠤᠨ ᠯᠠᠵᠤᠤ ᠶᠢᠨ ᠲᠠᠷᠢᠮᠠᠯ ᠤᠨ ᠳᠠᠪᠠᠭᠤᠯᠢᠭ ᠪᠠ ᠪᠠᠭᠤᠷᠠᠶ ᠲᠠᠯ᠎ᠠ ᠶᠢ ᠭᠦᠨᠵᠡᠭᠡᠶ ᠵᠠᠳᠠᠯᠤᠨ ᠰᠢᠨᠵᠢᠯᠡᠵᠦ᠂ ᠬᠡᠪᠴᠢᠶᠡᠵᠢᠭᠦᠯᠦᠨ ᠳᠠᠷᠢᠬᠤ ᠶᠠᠪᠤᠴᠠ ᠳᠤ ᠲᠣᠬᠢᠶᠠᠯᠳᠤᠭᠰᠠᠨ ᠠᠵᠢᠯᠴᠢᠨ ᠬᠡᠷᠡᠭᠯᠡᠬᠦ ᠪᠠᠲᠤᠯᠠᠭ᠎ᠠ᠂ ᠯᠠᠵᠤᠤ ᠶᠢ ᠪᠦᠳᠦᠭᠦᠯᠢᠭ ᠡᠳ᠋ᠰᠢᠭᠦᠯᠦᠯᠲᠡ ᠶᠢᠨ ᠠᠵᠤ  ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠦᠢᠲᠡᠨ ᠬᠥᠮᠥᠷᠭᠡ ᠶᠢᠨ ᠬᠠᠳᠠᠭᠠᠯᠠᠯᠲᠠ ᠵᠡᠷᠭᠡ ᠠᠰᠠᠭᠤᠳᠠᠯ ᠳᠤ ᠴᠢᠭᠯᠡᠭᠦᠯᠦᠨ ᠠᠷᠭᠠᠴᠠᠬᠤ ᠪᠣᠳᠣᠯᠭ᠎ᠠ ᠶᠢᠨ ᠰᠤᠳᠤᠯᠭᠠᠨ ᠥᠷᠨᠢᠭᠦᠯᠵᠦ᠂ ᠳᠣᠲᠣᠭᠠᠳᠤ ᠶᠢᠨ ᠬᠥᠭᠵᠢᠯᠲᠡ ᠶᠢ ᠡᠷᠢᠯᠬᠢᠯᠡᠬᠦ ᠶᠢᠨ ᠬᠠᠮᠲᠤ ᠲᠥᠷᠥᠯ ᠵᠦᠢᠯ ᠤᠨ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠶᠢ ᠲᠡᠭᠦᠯᠳᠡᠷᠵᠢᠭᠦᠯᠦᠨ᠂ ᠪᠠᠶᠢᠴᠠᠭᠠᠨ ᠰᠤᠳᠤᠯᠤᠯᠲᠠ ᠶᠢᠨ ᠠᠰᠠᠭᠤᠳᠠᠯ ᠢ ᠦᠨᠡᠨ ᠬᠦ ᠬᠥᠭᠵᠢᠯᠲᠡ ᠶᠢᠨ ᠠᠵᠠ ᠲᠣᠬᠢᠶᠠᠯ ᠪᠣᠯᠭᠠᠨ ᠬᠤᠪᠢᠷᠠᠭᠤᠯᠵᠤ᠂  ︽ᠰᠣᠳᠣᠯᠬᠤ︾ ᠠᠴᠠ ᠬᠡᠷᠡᠭᠯᠡᠬᠦ ᠶᠢ ᠪᠡᠶᠡᠯᠡᠭᠦᠯᠪᠡ᠃   ᠦᠷ᠎ᠡ ᠳ᠋ᠦᠩ ᠤᠨ ᠬᠡᠷᠡᠭᠯᠡᠯᠲᠡ ᠳᠤ ᠬᠦᠴᠦᠨ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢᠨ ᠭᠦᠨᠴᠡ ᠶᠢ ᠥᠷᠭᠡᠳᠬᠡᠵᠦ᠂ ︽ᠰᠡᠳᠬᠢᠴᠡ︾ ᠶᠢ ︽ᠠᠷᠭ᠎ᠠ ᠬᠡᠮᠵᠢᠶ᠎ᠡ︾ ᠪᠣᠯᠭᠠᠨ ᠬᠤᠪᠢᠷᠠᠭᠤᠯᠪᠠ᠃ ᠶᠡᠭᠡ ᠰᠢᠭᠡᠲᠡᠢ ᠪᠠᠯᠭᠠᠰᠤ ᠨᠢ ᠬᠠᠷᠢᠭᠤᠴᠠᠯᠭ᠎ᠠ ᠪᠠᠨ ᠲᠣᠭᠲᠠᠭᠠᠬᠤ᠂ ᠬᠢᠨᠠᠯᠲᠠ ᠲᠠᠯᠪᠢᠬᠤ᠂ ᠦᠨᠡᠯᠡᠨ ᠵᠢᠱᠢᠬᠦ᠂ ᠦᠷ᠎ᠡ ᠪᠦᠲᠦᠮᠵᠢ ᠶᠢ ᠠᠰᠠᠭᠤᠬᠤ ᠵᠡᠷᠭᠡ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ ᠪᠠᠶᠢᠴᠠᠭᠠᠨ ᠰᠤᠳᠤᠯᠤᠯᠲᠠ ᠪᠠᠷ ᠳᠠᠮᠵᠢᠨ ᠭᠠᠷᠴᠤ ᠢᠷᠡᠭᠰᠡᠨ ᠠᠰᠠᠭᠤᠳᠠᠯ  ᠢ  ᠲᠤᠬᠠᠢ ᠶᠢᠨ ᠲᠠᠯᠠᠪᠤᠷ ᠲᠤ ᠰᠢᠢᠳᠪᠦᠷᠢᠯᠡᠵᠦ ᠲᠡᠶᠢᠯᠬᠦ ᠶᠢ ᠨᠢ ᠳᠠᠷᠣᠢ ᠳᠤᠨᠢ ᠰᠢᠢᠳᠪᠦᠷᠢᠯᠡᠵᠦ ᠂ ᠰᠢᠢᠳᠪᠦᠷᠢᠯᠡᠵᠦ ᠲᠡᠶᠢᠯᠬᠦ ᠦᠭᠡᠢ  ᠶᠢ ᠨᠢ ᠲᠤᠰᠬᠠᠢ ᠰᠡᠳᠦᠪᠲᠦ ᠬᠤᠷᠠᠯ ᠬᠤᠷᠠᠯᠳᠤᠵᠤ᠂ ᠰᠢᠢᠳᠪᠦᠷᠢᠯᠡᠬᠦ ᠲᠥᠰᠦᠯ ᠲᠣᠭᠲᠠᠭᠠᠬᠤ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠪᠡ᠃   ᠣᠳᠣᠬᠠᠨ ᠪᠣᠯᠲᠠᠯ᠎ᠠ᠂ ᠪᠠᠯᠭᠠᠰᠤ ᠲᠣᠰᠬᠤᠨ ᠤ ᠤᠳᠤᠷᠢᠳᠬᠤ ᠺᠠᠳ᠋ᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠠᠵᠢᠯ ᠢ ᠣᠯᠠᠨᠲᠠ ᠬᠢᠵᠦ᠂ ᠣᠯᠠᠨ ᠲᠦᠮᠡᠨ ᠤ ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ ᠤᠨ 3 ᠠᠰᠠᠭᠤᠳᠠᠯ ᠢ ᠴᠤᠭᠯᠠᠭᠤᠯᠵᠤ᠂ ᠣᠳᠣᠬᠠᠨ ᠳᠤ ᠨᠢᠭᠡᠨᠲᠡ ᠬᠤᠶᠠᠷ ᠠᠰᠠᠭᠤᠳᠠᠯ ᠢ ᠳᠠᠭᠤᠰᠬᠠᠵᠤ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠠᠵᠢᠯ ᠢ ᠶᠠᠭ ᠱᠠᠯᠠᠪᠳᠠᠨ ᠠᠬᠢᠭᠤᠯᠵᠤ ᠪᠠᠶᠢᠬᠤ ᠶᠢᠨ ᠬᠠᠮᠲᠤ ᠶᠡᠭᠡ ᠰᠢᠭᠡᠲᠡᠢ ᠪᠠᠯᠭᠠᠰᠤᠨ ᠤ ᠠᠷᠠᠳ ᠤᠨ ᠠᠮᠢᠳᠤᠷᠠᠯ ᠤᠨ 4 ᠪᠣᠳᠠᠲᠤ ᠶᠠᠪᠤᠳᠠᠯ ᠤᠨ ᠲᠥᠷᠥᠯ ᠵᠦᠢᠯ ᠢ ᠲᠣᠭᠲᠠᠭᠠᠵᠤ᠂ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠣᠰ ᠪᠠᠯᠭᠠᠰᠣ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠲᠣᠭᠤᠷᠢᠨ ᠳᠤ᠂ ᠬᠥᠭᠵᠢᠯᠲᠡ ᠶᠢᠨ ᠡᠭᠦᠷᠭᠡ ᠬᠠᠷᠢᠭᠤᠴᠠᠯᠭ᠎ᠠ ᠶᠢ ᠠᠬᠢᠭᠤᠯᠵᠤ᠂ ᠪᠠᠶᠢᠴᠠᠭᠠᠨ ᠰᠤᠳᠤᠯᠤᠯᠲᠠ ᠶᠢᠨ ᠡᠮᠦᠨ᠎ᠡ ᠬᠤᠶᠢᠨᠠᠬᠢ ᠶᠡᠭᠡ ᠬᠤᠪᠢᠷᠠᠯᠲᠠ ᠶᠢ ᠦᠨᠡᠨ ᠬᠦ ᠪᠡᠶᠡᠯᠡᠭᠦᠯᠵᠦ᠂ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠳᠠᠲᠠᠶ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ