ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/11/15
   ᠺᠠᠳ᠋ᠷ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠪᠥᠬᠦ ᠬᠦᠴᠦᠨ ᠢᠶᠠᠷ ᠢᠶᠠᠨ ᠲᠦᠭᠡᠮᠡᠯᠵᠢᠭᠦᠯᠬᠦ ᠶᠢᠨ ᠲᠥᠯᠥᠭᠡ᠂ 11 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠢ ᠵᠣᠬᠢᠶᠠᠨ ᠪᠠᠶᠢᠭᠤᠯᠤᠨ ᠦᠷᠨᠢᠬᠦᠯᠪᠡ᠃   ᠪᠣᠯᠪᠠᠰᠤᠷᠠᠯ ᠳᠤ᠂ ᠣᠨᠴᠠ ᠣᠷᠢᠭᠰᠠᠨ ᠤᠯᠤᠰ ᠤᠨ ᠠᠮᠤᠷ ᠲᠦᠪᠰᠢᠨ ᠤ ᠭᠠᠯ ᠤᠨᠲᠠᠷᠠᠭᠠᠬᠤ ᠠᠵᠢᠯᠲᠠᠨ ᠠᠴᠠ ᠭᠠᠯ ᠤᠨ ᠠᠶᠤᠯ ᠤᠨ ᠡᠬᠢᠨ ᠤ ᠦᠶ᠎ᠡ ᠂ ᠭᠠᠯ ᠤᠨ ᠠᠶᠤᠯ ᠭᠠᠷᠤᠭᠰᠠᠨ ᠤ ᠳᠠᠷᠠᠭᠠᠬᠢ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠠᠷᠭ᠎ᠠ ᠬᠡᠮᠵᠢᠶ᠎ᠡ ᠵᠢᠴᠢ ᠪᠠᠶᠢᠭᠤᠯᠭ᠎ᠠ ᠨᠢᠭᠡᠴᠡ ᠪᠠ ᠭᠡᠷ ᠪᠦᠯᠢ ᠶᠢᠨ ᠳᠣᠲᠣᠷ᠎ᠠ ᠭᠠᠯ ᠤᠨᠲᠠᠷᠠᠭᠠᠭᠤᠷ ᠢ ᠬᠡᠷᠬᠢᠨ ᠵᠥᠪ ᠰᠣᠩᠭᠤᠬᠤ ᠵᠡᠷᠭᠡ ᠬᠡᠳᠦᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠬᠦ ᠶᠢᠨ ᠬᠠᠮᠲᠣ ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ ᠣᠯᠠᠨ ᠤᠳᠠᠭ᠎ᠠ ᠭᠠᠷᠤᠭᠰᠠᠨ ᠦᠨᠡᠨ ᠪᠣᠳᠠᠲᠠᠶ ᠭᠠᠯ ᠤᠨ ᠠᠶᠤᠯ ᠤᠨ ᠬᠡᠷᠡᠭ ᠤᠨ ᠵᠢᠱᠢᠶ᠎ᠡ ᠪᠠᠷ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ  ᠣᠯᠠᠨ ᠳᠤ ᠮᠡᠳᠡᠬᠦᠯᠵᠦ᠂ ᠣᠨᠴᠠᠭᠠᠶᠢᠯᠠᠨ ᠪᠠᠶᠢᠭᠤᠯᠭ᠎ᠠ ᠨᠢᠭᠡᠴᠡ ᠪᠣᠯᠤᠨ ᠨᠠᠰᠤᠵᠢᠯ ᠤᠨ ᠪᠠᠶᠢᠭᠤᠯᠤᠮᠵᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠶᠢ ᠰᠠᠨᠠᠭᠤᠯᠣᠭᠰᠠᠨ ᠪᠠᠶᠢᠨ᠎ᠠ᠃   ᠲᠤᠰ ᠤᠳᠠᠭᠠᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠣᠯᠪᠠᠰᠤᠷᠠᠯ ᠢᠶᠠᠷ ᠲᠠᠮᠵᠢᠭᠤᠯᠤᠨ᠂ ᠺᠠᠳ᠋ᠷ  ᠠᠵᠢᠯᠲᠠᠳ ᠲᠤ ᠭᠠᠯ ᠤᠨ ᠠᠶᠤᠯ ᠤᠨ ᠬᠦᠨᠳᠦ ᠨᠣᠴᠢᠲᠠᠶ ᠬᠥᠨᠥᠭᠡᠯᠲᠦ ᠴᠢᠨᠠᠷ ᠢ ᠣᠯᠠᠮ ᠬᠦᠨᠵᠡᠭᠡᠢ ᠣᠶᠢᠯᠠᠭᠠᠭᠤᠯᠵᠤ᠂ ᠲᠡᠳᠡᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠨᠢ  ᠴᠢᠩᠭᠠᠷᠠᠭᠤᠯᠣᠭᠰᠠᠨ ᠢᠶᠠᠷ ᠪᠠᠷᠠᠬᠤ ᠦᠭᠡᠢ ᠪᠠᠰᠠ ᠭᠠᠯ ᠤᠨ ᠠᠶᠤᠯ ᠤᠨ ᠠᠴᠠ ᠥᠪᠡᠷ ᠢ ᠪᠠᠨ ᠠᠪᠤᠷᠠᠬᠤ ᠴᠢᠳᠠᠪᠤᠷᠢ ᠪᠣᠯᠤᠨ ᠥᠪᠡᠷ  ᠢ ᠪᠠᠨ ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠭᠠᠯ ᠤᠨ ᠠᠶᠤᠯ ᠤᠨ ᠳᠠᠯᠳᠠ ᠭᠡᠮ ᠢ ᠰᠡᠷᠡᠮᠵᠢᠯᠡᠬᠦ᠂ ᠠᠳᠡᠯ ᠤᠨ ᠬᠤᠬᠢᠷᠠᠯ ᠢ ᠪᠦᠲᠦᠮᠵᠢᠲᠡᠶ ᠪᠠᠷ ᠪᠠᠭᠤᠷᠠᠭᠤᠯᠬᠤ ᠳᠤ ᠢᠳᠡᠪᠬᠢ ᠦᠢᠯᠡᠳᠦᠯ ᠦᠵᠡᠭᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ