ᠤᠷᠠᠳ ᠤᠨ ᠡᠮᠦᠨᠡᠲᠦ ᠬᠤᠰᠢᠭᠤ᠄  ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2023/11/15
   ᠣᠶᠢᠷ᠎ᠠ ᠶᠢᠨ ᠵᠢᠯ ᠠᠴᠠ ᠨᠠᠭᠠᠰᠢ᠂ ᠤᠷᠠᠳ ᠤᠨ ᠡᠮᠦᠨᠡᠲᠦ ᠬᠤᠰᠢᠭᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠦᠢᠯᠡᠰ ᠤᠨ ᠪᠦᠯᠦᠭᠵᠢᠯ ᠢ ᠪᠦᠷᠢᠯᠳᠦᠭᠦᠯᠬᠦ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂  ᠲᠠᠷᠢᠬᠤ ᠲᠡᠵᠢᠭᠡᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠪᠥᠬᠦ ᠶᠠᠪᠤᠴᠠ ᠶᠢᠨ ᠣᠷᠭᠠᠨᠢᠭ ᠴᠠᠭᠠᠨ ᠢᠳᠡᠭᠡᠨ ᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠪᠠ᠃ ᠰᠢᠨ᠎ᠡ ᠪᠠᠷ ᠨᠡᠶᠢᠲᠡᠯᠡᠭᠰᠡᠨ ︽ᠲᠠᠰ ᠳᠡᠪᠰᠢᠭᠰᠡᠨ ᠬᠡᠪ︾ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ ᠠᠰᠢᠭᠯᠠᠨ᠂ ᠲᠣᠰ ᠬᠤᠰᠢᠭᠤ ᠲᠤᠬᠠᠶ ᠶᠢᠨ ᠭᠠᠵᠠᠷ ᠤᠨ  ᠰᠦ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ 

微信图片_20231108100741.jpg

     ᠡᠨᠡ ᠬᠡᠰᠡᠭ ᠬᠤᠭᠤᠴᠠᠭᠠᠨ ᠳᠤ᠂ ᠣᠲᠣ ᠦᠶ᠎ᠡ ᠶᠢᠨ ᠮᠠᠯ ᠠᠵᠤ ᠠᠬᠤᠶ ᠶᠢᠨ ᠤᠷᠠᠳ ᠤᠨ ᠡᠮᠦᠨᠡᠲᠦ ᠬᠤᠰᠢᠭᠤᠨ ᠤ ᠬᠢᠵᠠᠭᠠᠷᠲᠤ ᠺᠣᠮᠫᠠᠨᠢ ᠠᠴᠠ

ᠲᠣᠭᠠᠴᠢᠯᠠᠭᠰᠠᠨ ᠣᠶᠤᠨᠴᠢ ᠦᠬᠡᠷ ᠤᠨ ᠬᠠᠰᠢᠶ᠎ᠠ ᠰᠠᠷᠠᠪᠴᠢ ᠶᠢ ᠶᠠᠭ ᠲᠦᠷᠭᠡᠳᠬᠡᠨ ᠪᠥᠲᠥᠭᠡᠨ ᠪᠠᠶᠢᠭᠤᠯᠵᠤ ᠪᠣᠶ᠃ ᠪᠠᠶᠢᠭᠤᠯᠤᠭᠰᠠᠨ ᠤ ᠳᠠᠷᠠᠭ᠎ᠠ᠂

ᠦᠬᠡᠷ ᠤᠨ ᠬᠠᠰᠢᠶ᠎ᠠ ᠨᠢᠭᠡᠪᠦᠷᠢ ᠨᠢ 1000 ᠰᠠᠭᠠᠯᠢ ᠶᠢᠨ ᠦᠨᠢᠶ᠎ᠡ ᠶᠢᠨ ᠣᠶᠤᠨᠴᠢᠯᠠᠭᠰᠠᠨ ᠠᠷᠠᠴᠢᠯᠠᠭ᠎ᠠ ᠶᠢ ᠬᠠᠩᠭᠠᠵᠤ᠂ ᠳᠤᠯᠠᠭᠠᠨ ᠤ ᠬᠡᠮᠵᠢᠶ᠎ᠡ ᠶᠢ

ᠣᠶᠤᠨᠴᠢ ᠪᠠᠷ ᠲᠣᠬᠢᠷᠠᠭᠤᠯᠤᠨ ᠡᠵᠡᠮᠳᠡᠬᠦ ᠪᠠ ᠠᠦ᠋ᠲ᠋ᠣᠴᠢᠯᠠᠨ ᠦᠭᠡᠷ ᠲᠡᠵᠢᠭᠡᠬᠦ ᠂ ᠠᠦ᠋ᠲ᠋ᠣᠴᠢᠯᠠᠨ ᠦᠭᠡᠷ ᠤᠨ ᠢᠯᠭᠠᠳᠠᠰᠤ ᠶᠢ  ᠴᠡᠪᠡᠷᠯᠡᠬᠦ ᠶᠢ 

ᠪᠡᠶᠡᠯᠡᠬᠦᠯᠬᠦ ᠪᠣᠯᠣᠨ᠎ᠠ᠃

微信图片_20231114111903.jpg

      ᠥᠪᠥᠷ ᠮᠣᠩᠭᠤᠯ ᠤᠨ ᠣᠶᠢᠷ᠎ᠠ ᠳᠤ ᠨᠡᠶᠢᠲᠡᠯᠡᠭᠰᠡᠨ ︽ᠲᠠᠰ ᠳᠡᠪᠰᠢᠭᠰᠡᠨ ᠬᠡᠪ︾ ᠤᠨ  ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ

ᠲᠥᠷᠥ ᠶᠢᠨ ᠪᠣᠳᠣᠯᠭ᠎ᠠ᠂ ︽ᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ

ᠬᠡᠮᠵᠢᠶ᠎ᠡ ᠨᠦᠭᠦᠳ︾ ᠢ ᠠᠰᠢᠭᠯᠠᠨ᠂ ︽ᠡᠪᠡᠰᠦᠨ ᠰᠤᠷᠪᠤᠯᠵᠢ︾ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠦᠷ᠎ᠡ 

 ᠶᠢᠨ ᠢᠷᠡᠯᠲᠡ  ᠶᠢᠨ ᠥᠪᠡᠷ ᠢ ᠪᠠᠨ ᠬᠠᠩᠭᠠᠬᠤ ᠴᠢᠳᠠᠪᠤᠷᠢ ᠶᠢ  ᠳᠡᠭᠡᠭᠰᠢᠯᠡᠭᠦᠯᠬᠦ᠂ ︽  ᠰᠦ ᠶᠢᠨ ᠢᠷᠡᠯᠲᠡ︾ ᠶᠢᠨ ᠬᠠᠩᠭᠠᠯᠭ᠎ᠠ ᠶᠢᠨ ᠪᠠᠲᠤᠯᠠᠭ᠎ᠠ ᠶᠢ 

ᠪᠠᠬᠢᠵᠢᠭᠦᠯᠬᠦ᠂ ᠴᠠᠭᠠᠨ ᠢᠳᠡᠭᠡ ᠪᠣᠯᠪᠠᠰᠤᠷᠠᠭᠤᠯᠬᠤ ᠠᠵᠢᠯ ᠢ ᠰᠢᠯᠢᠳᠡᠭᠵᠢᠭᠦᠯᠦᠨ  ᠬᠦᠴᠦᠷᠬᠡᠭᠵᠢᠭᠦᠯᠬᠦ᠂ ᠨᠠᠷᠠᠲᠤ ᠲᠥᠷᠥᠯ ᠲᠡᠮᠳᠡᠭᠲᠦ ᠶᠢ

ᠪᠤᠶᠢᠵᠢᠭᠤᠯᠬᠤ ᠶᠢ  ᠴᠢᠩᠭᠠᠷᠠᠭᠤᠯᠬᠤ᠂ ᠬᠡᠷᠡᠭᠯᠡᠭᠡᠨ ᠢ ᠬᠥᠲᠥᠯᠥᠨ ᠵᠢᠯᠣᠭᠤᠳᠬᠤ ᠶᠢ  ᠴᠢᠩᠭᠠᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ

ᠡᠭᠦᠳᠬᠦ ᠶᠢ  ᠴᠢᠩᠭᠠᠳᠬᠠᠬᠤ᠂ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠵᠡᠷᠭᠡ

9 ᠲᠠᠯ᠎ᠠ ᠶᠢᠨ ᠪᠣᠳᠠᠲᠠᠶ ᠳᠡᠮᠵᠢᠯᠭᠡ ᠶᠢᠨ ᠠᠷᠭ᠎ᠠ ᠬᠡᠮᠵᠢᠶ᠎ᠡ ᠪᠠᠷ ᠳᠠᠮᠵᠢᠨ᠂ ᠤᠷᠠᠳ ᠤᠨ ᠡᠮᠦᠨᠡᠲᠦ ᠬᠤᠰᠢᠭᠤ ᠠᠵᠤ ᠦᠢᠯᠡᠰ ᠤᠨ ᠣᠷᠣᠨ ᠪᠦᠰᠡ ᠶᠢᠨ

ᠪᠠᠶᠢᠷᠢᠰᠢᠯ ᠢ ᠲᠠᠰᠤᠷᠠᠯᠲᠠ ᠥᠬᠡᠶ ᠲᠣᠬᠢᠷᠠᠭᠤᠯᠤᠨ ᠰᠢᠯᠢᠳᠡᠭᠵᠢᠭᠦᠯᠵᠦ᠂ ᠲᠡᠵᠢᠭᠡᠨ ᠦᠷᠡᠵᠢᠭᠦᠯᠬᠦ ᠬᠥᠭᠵᠢᠯᠲᠡ ᠶᠢᠨ ᠣᠳᠣᠬᠢ ᠪᠠᠶᠢᠳᠠᠯ ᠪᠠ ᠡᠬᠢ

ᠪᠠᠶᠠᠯᠢᠭ ᠤᠨ ᠳᠠᠭᠠᠭᠠᠴᠠ ᠶᠢ ᠦᠨᠳᠦᠰᠦᠯᠡᠨ᠂ ᠣᠷᠣᠨ ᠬᠡᠰᠡᠭ ᠬᠤᠪᠢᠶᠠᠬᠤ᠂ ᠲᠥᠷᠥᠯ ᠬᠤᠪᠢᠶᠠᠨ ᠬᠡᠷᠡᠭᠵᠢᠭᠦᠯᠬᠦ ᠵᠡᠷᠭᠡ ᠲᠤᠰ ᠲᠤᠰ ᠤᠨ ᠣᠨᠴᠠᠯᠢᠭ ᠲᠠᠢ

ᠬᠡᠪᠴᠢᠶᠡᠲᠦ ᠲᠡᠵᠢᠭᠡᠨ ᠦᠷᠡᠵᠢᠭᠦᠯᠬᠦ ᠬᠥᠭᠵᠢᠯᠲᠡ ᠶᠢᠨ ᠵᠠᠭᠪᠤᠷ ᠢ ᠪᠣᠶ  ᠪᠣᠯᠭᠠᠨ᠎ᠠ᠃ 

微信图片_20231114111905.jpg

     ᠡᠭᠦᠨ ᠤ ᠵᠡᠷᠭᠡᠴᠡᠪᠡᠷ᠂ ︽ᠡᠪᠡᠰᠦᠨ ᠰᠤᠷᠪᠤᠯᠵᠢ︾ ᠶᠢᠨ ᠰᠠᠭᠤᠷᠢᠨ ᠭᠠᠵᠠᠷ  ᠤᠨ ᠪᠥᠳᠥᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂

ᠠᠵᠤ ᠠᠬᠤᠶᠢᠯᠠᠯ ᠤᠨ ᠴᠢᠨᠠᠷ ᠰᠠᠶᠢᠲᠠᠢ ᠴᠠᠷᠭᠠᠰᠤ ᠬᠠᠩᠭᠠᠬᠤ ᠨᠢ ᠬᠥᠷᠥᠯᠴᠡᠬᠦ ᠥᠭᠡᠢ᠂ ᠰᠠᠭᠠᠯᠢ ᠶᠢᠨ ᠦᠨᠢᠶ᠎ᠡ ᠲᠡᠵᠢᠭᠡᠨ‌ᠦᠷᠡᠵᠢᠭᠦᠯᠬᠦ ᠥᠪᠡᠷ ᠤᠨ

ᠥᠷᠳᠡᠭ ᠨᠢ ᠥᠨᠳᠥᠷ᠂ ᠴᠢᠨᠠᠷ ᠰᠠᠶᠢᠲᠠᠢ ᠡᠪᠡᠰᠦᠨ ᠦᠷ᠎ᠡ ᠦᠷᠡᠵᠢᠭᠦᠯᠦᠨ ᠪᠤᠶᠢᠵᠢᠭᠤᠯᠬᠤ ᠨᠢ ᠬᠥᠷᠥᠯᠴᠡᠬᠦ ᠥᠭᠡᠢ ᠵᠡᠷᠭᠡ ᠠᠰᠠᠭᠤᠳᠠᠯ ᠢ ᠰᠢᠢᠳᠪᠦᠷᠢᠯᠡᠨ

᠂ ᠥᠪᠡᠷᠲᠡᠭᠡᠨ ᠵᠠᠰᠠᠬᠤ ᠣᠷᠣᠨ  ᠤ ᠬᠡᠷᠡᠭᠵᠢᠭᠦᠯᠦᠭᠰᠡᠨ ᠰᠢᠨ᠎ᠡ ᠡᠭᠦᠯᠳᠡᠷ ᠦᠷᠡᠵᠢᠭᠦᠯᠦᠨ ᠪᠤᠶᠢᠵᠢᠭᠤᠯᠬᠤ ᠲᠠᠪᠴᠠᠩ ‍ᠤᠨ‌ᠮᠠᠩᠯᠠᠶᠢᠯᠠᠭᠤᠯᠬᠤ ᠲᠥᠷᠥ ᠶᠢᠨ

ᠪᠤᠳᠤᠯᠭ᠎ᠠ ᠪᠠᠷ ᠳᠠᠮᠵᠢᠭᠤᠯᠤᠨ᠂ ᠲᠡᠵᠢᠭᠡᠯ ᠡᠪᠡᠰᠦ ᠶᠢᠨ ᠥᠪᠡᠷ ᠢ ᠪᠠᠨ ᠬᠠᠩᠭᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠣᠳᠣᠬᠠᠨ ᠪᠣᠯᠲᠠᠯ᠎ᠠ᠂ ᠪᠥᠬᠦ

ᠬᠤᠰᠢᠭᠤᠨ ᠤ ᠴᠢᠬᠢ ᠬᠠᠮᠠᠭᠠᠯᠠᠬᠤ ᠴᠠᠷᠭᠠᠰᠤ 0.26 ᠲᠦᠮᠡᠨ ᠮᠥ ᠪᠠᠶᠢᠵᠤ᠂ ᠡᠨᠡ ᠵᠢᠯ 520 ᠮᠥ ᠶᠢ ᠰᠢᠨ᠎ᠡ ᠪᠠᠷ  ᠨᠡᠮᠡᠪᠡ᠃ ᠨᠣᠭᠤᠭᠠᠨ

ᠳᠠᠷᠤᠰᠢ ᠶᠢᠨ ᠡᠷᠳᠡᠨᠢ ᠰᠢᠰᠢ ᠶᠢ 15.03 ᠲᠦᠮᠡᠨ ᠮᠥ ᠳᠠᠷᠢᠵᠤ᠂ ᠪᠣᠭᠤᠳᠠᠶ ᠶᠢᠨ ᠳᠠᠷᠠᠭ᠎ᠠ 4 . 9 ᠲᠦᠮᠡᠨ ᠮᠥ  ᠲᠡᠵᠢᠭᠡᠯ ᠤᠨ ᠪᠣᠷᠤᠭ ᠳᠠᠷᠢᠪᠠ᠃ 

微信图片_20231114111908.jpg

     ᠡᠭᠦᠨ ᠠᠴᠠ ᠭᠠᠳᠠᠨ᠎ᠠ᠂  ᠲᠣᠰ ᠬᠤᠰᠢᠭᠤ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ

ᠢᠳᠡᠪᠬᠢᠲᠡᠶ ᠨᠠᠶᠢᠳᠠᠪᠤᠷᠢᠵᠢᠭᠤᠯᠵᠤ᠂ ᠤᠨᠴᠠᠯᠢᠭᠳᠤ ᠰᠠᠭᠠᠯᠢ ᠶᠢᠨ  ᠦᠨᠢᠶ᠎ᠡ ᠲᠡᠵᠢᠭᠡᠨ ᠦᠷᠡᠵᠢᠭᠦᠯᠬᠦ ᠶᠢ ᠶᠡᠭᠡ ᠪᠠᠷ ᠳᠡᠮᠵᠢᠵᠦ᠂ ᠲᠡᠵᠢᠭᠡᠨ ᠦᠷᠡᠵᠢᠭᠦᠯᠬᠦ

ᠲᠠᠯᠠᠪᠠᠶ ᠶᠢᠨ ᠲᠠᠷᠢᠶᠠᠯᠠᠩ ᠤᠨ ᠵᠢᠷᠤᠮᠵᠢᠯ ᠤᠨ ᠭᠡᠷᠡᠴᠢᠯᠡᠯ ᠤᠨ ᠠᠵᠢᠯ ᠥᠷᠨᠢᠭᠦᠯᠬᠦ ᠶᠢ ᠵᠣᠷᠢᠭᠵᠢᠭᠤᠯᠤᠨ᠂ ᠪᠥᠬᠦ ᠬᠤᠰᠢᠭᠤᠨ ᠤ ᠰᠦ ᠰᠠᠭᠠᠯᠢ ᠶᠢᠨ 

ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠦᠷᠭᠦᠯᠵᠢᠯᠡᠨ ᠬᠥᠳᠡᠯᠭᠡᠬᠦ ᠬᠦᠴᠦᠨ ᠨᠡᠮᠷᠢᠯᠡᠬᠦ ᠪᠠᠷ ᠪᠣᠢ᠃

    

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ