ᠣᠷᠠᠳ ᠤᠨ ᠡᠮᠦᠨᠡᠲᠤ ᠬᠤᠰᠢᠭᠤᠨ ᠤ ᠡᠮᠡᠭᠲᠡᠶᠢᠴᠣᠳ ᠤᠨ ᠬᠤᠯᠪᠣᠭ᠎ᠠ ︽ᠬᠤᠶᠠᠷ ᠥᠮᠡᠨ︾ ᠤ ᠠᠪᠤᠷᠠᠨ ᠲᠤᠰᠠᠯᠠᠬᠤ ᠮᠥᠩᠭᠦ ᠲᠠᠷᠬᠠᠭᠠᠵᠤ  ᠡᠮᠡᠭᠲᠡᠶᠢᠴᠣᠳ ᠲᠤ ᠬᠠᠶᠢᠷ᠎ᠠ ᠬᠠᠯᠠᠮᠵᠢ ᠬᠦᠷᠲᠡᠭᠡᠪᠡ
ᠨᠡᠶᠢᠲᠡᠯᠡᠭᠰᠡᠨ ᠴᠠᠭ᠄
2023/11/16
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠤᠯᠠᠨ ᠡᠮᠡᠭᠲᠡᠶᠢᠴᠦᠳ ᠲᠤ ᠦᠨᠡᠨ ᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ ᠥᠭᠬᠦ ᠶᠢᠨ ᠲᠥᠯᠥᠭᠡ᠂ ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠠᠴᠠ ᠳᠤᠤᠷ᠎ᠠ ᠣᠷᠣᠯᠭ᠎ᠠ ᠲᠠᠢ ᠡᠮᠡᠭᠲᠡᠶᠢᠴᠦᠳ ᠤᠨ ︽ᠬᠤᠶᠠᠷ ᠥᠮᠡᠨ︾ ᠢ ᠠᠪᠤᠷᠠᠨ ᠲᠤᠰᠠᠯᠠᠬᠤ ᠲᠤᠰᠬᠠᠶ ᠲᠥᠷᠥᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠣᠯᠭᠤᠬᠤ ᠶᠣᠰᠣᠯᠠᠯ ᠶᠠᠪᠤᠭᠤᠯᠪᠠ᠃    ᠡᠨᠡ ᠵᠢᠯ ᠲᠣᠰ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠨᠢ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠳᠤᠤᠷ᠎ᠠ ᠣᠷᠣᠯᠭ᠎ᠠ ᠲᠠᠢ ᠡᠮᠡᠭᠲᠡᠶᠢᠴᠦᠳ ᠤᠨ ︽ᠬᠤᠶᠠᠷ ᠥᠮᠡᠨ︾ ᠢ ᠠᠪᠤᠷᠠᠨ ᠲᠤᠰᠠᠯᠠᠬᠤ ᠲᠥᠪ ᠤᠨ ᠲᠤᠰᠬᠠᠶ ᠲᠥᠷᠥᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 25 ᠲᠦᠮᠡᠨ ᠲᠥᠭᠦᠷᠢᠭ ᠣᠯᠵᠤ᠂ ᠨᠥᠬᠦᠴᠡᠯ ᠳᠤ ᠨᠡᠶᠢᠴᠡᠬᠦ 25 ᠡᠮᠡᠭᠲᠡᠶ ᠳᠤ ᠦᠭᠭᠦᠨ᠂ ᠲᠡᠳᠡᠨ ᠢ ᠬᠠᠪᠰᠤᠷᠤᠨ ᠠᠵᠤ ᠠᠬᠤᠶ ᠶᠢᠨ ᠳᠠᠷᠤᠯᠲᠠ ᠶᠢ ᠨᠢ   ᠬᠦᠩᠭᠡᠷᠡᠭᠦᠯᠦᠨ᠂ ᠠᠮᠢᠳᠤᠷᠠᠯ ᠤᠨ ᠢᠲᠡᠭᠡᠯ ᠢ ᠨᠢ ᠨᠡᠮᠡᠭᠳᠡᠭᠦᠯᠵᠦ᠂ ᠦᠨᠡᠨ ᠬᠦ ᠡᠮᠡᠭᠲᠡᠶᠢᠴᠦᠳ ᠲᠤ ᠪᠣᠳᠠᠲᠤ ᠶᠠᠪᠤᠳᠠᠯ ᠬᠢᠵᠦ  ᠦᠭᠭᠪᠡ᠃ ᠲᠤᠰᠠᠯᠠᠮᠵᠢ ᠬᠦᠷᠲᠡᠭᠰᠡᠨ ᠡᠮᠡᠭᠲᠡᠶᠢᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠠᠴᠠ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠪᠡ᠃  2014 ᠣᠨ ᠠᠴᠠ ᠡᠬᠢᠯᠡᠨ᠂ ᠣᠷᠠᠳ ᠤᠨ ᠡᠮᠦᠨᠡᠲᠤ ᠬᠤᠰᠢᠭᠤ ︽ᠬᠤᠶᠠᠷ ᠥᠮᠡᠨ︾ ᠤ ᠲᠤᠰᠬᠠᠶ ᠲᠥᠷᠥᠯ ᠤᠨ ᠠᠪᠤᠷᠠᠨ ᠲᠤᠰᠠᠯᠠᠬᠤ ᠮᠥᠩᠭᠦ ᠶᠢ ᠨᠡᠶᠢᠲᠡ 250 ᠲᠦᠮᠡᠨ ᠲᠥᠭᠦᠷᠢᠭ ᠲᠠᠷᠬᠠᠭᠠᠵᠤ ᠂ ︽ᠬᠤᠶᠠᠷ ᠥᠮᠡᠨ︾ ᠤ 250 ᠡᠮᠡᠭᠲᠡᠶᠢᠴᠦᠳ ᠢ ᠬᠠᠪᠰᠤᠷᠤᠨ ᠬᠦᠴᠢᠷ ᠢ ᠨᠢ ᠲᠣᠭᠤᠯᠪᠠ᠃    ᠲᠠᠷᠠᠭᠠᠴᠢ ᠶᠢᠨ ᠠᠯᠬᠤᠮ ᠳᠤ᠂ ᠲᠣᠰ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠨᠢ ︽ᠬᠤᠶᠠᠷ ᠥᠮᠡᠨ︾ ᠢ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠠᠶᠢᠳᠠᠯ ᠢ ᠣᠶᠢᠯᠠᠭᠠᠵᠤ ᠳᠠᠩᠰᠠᠯᠠᠬᠤ ᠠᠵᠢᠯ ᠢ ᠰᠠᠶᠢᠲᠤᠷ ᠬᠢᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠬᠠᠮᠲᠤ ᠠᠪᠤᠷᠠᠨ ᠲᠤᠰᠠᠯᠠᠬᠤ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠨᠠᠩ ᠣᠯᠠᠨ ᠳᠤᠤᠷ᠎ᠠ ᠣᠷᠣᠯᠭ᠎ᠠ ᠲᠠᠢ ᠡᠮᠡᠭᠲᠡᠶᠢᠴᠦᠳ ᠲᠤ ᠬᠠᠶᠢᠷ᠎ᠠ ᠬᠠᠯᠠᠮᠵᠢ ᠬᠦᠷᠭᠡᠨ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠣᠯᠠᠨ ᠡᠮᠡᠭᠲᠡᠶᠢᠴᠦᠳ ᠲᠤ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ ᠥᠭᠴᠦ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠬᠤ ᠪᠣᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ