ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠢᠨᠵᠧᠨᠧᠷᠢᠩ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2023/11/16
       ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢᠨ ᠲᠥᠯᠥᠭᠡ᠂ ᠣᠯᠠᠨ ᠨᠡᠶᠢᠲᠡ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠲᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠷᠠᠳᠴᠢᠯᠠᠬᠤ᠂ ᠰᠢᠨᠵᠢᠯᠡᠬᠦ  ᠤᠬᠠᠭᠠᠨᠴᠢᠯᠠᠬᠤ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠡᠮᠦᠨᠡᠲᠦ ᠬᠤᠰᠢᠭᠤᠨ ᠤ ᠬᠤᠷᠢᠶ᠎ᠠ ᠶᠢᠨ ᠠᠯᠪᠠᠨ ᠬᠡᠷ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠦᠢᠯ ᠢ ᠠᠷᠠᠳ ᠤᠨ ᠲᠥᠯᠥᠭᠡᠯᠡᠭᠴᠢ ᠪᠢᠯᠧᠲ ᠢᠶᠠᠷ ᠲᠣᠭᠲᠠᠭᠠᠬᠤ ᠲᠦᠷᠢᠮ ᠤᠨ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ 〔2022〕28 ᠳ᠋ᠤᠭᠠᠷ ᠲᠣᠭᠠᠲᠤ ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠰᠢᠢᠳᠪᠦᠷᠢ ᠭᠠᠷᠭᠠᠬᠤ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠨᠡᠶᠢᠭᠡᠮ ᠤᠨ ᠡᠯ᠎ᠡ ᠡᠲᠡᠭᠡᠳ ᠠᠴᠠ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠰᠠᠨᠠᠭᠤᠯᠭ᠎ᠠ ᠶᠢᠨ ᠲᠥᠷᠥᠯ ᠵᠦᠢᠯ ᠢ ᠢᠯᠡ ᠪᠠᠷ ᠡᠯᠰᠡᠨ᠎ᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ  ᠵᠠᠷᠯᠠᠶ᠎ᠠ᠄       ᠨᠢᠭᠡ᠂ ᠡᠯᠰᠡᠬᠦ ᠴᠠᠭ       ᠵᠠᠷᠯᠠᠯ ᠤᠨ ᠡᠳᠦᠷ ᠠᠴᠠ ᠡᠬᠢᠯᠡᠨ 2023 ᠣᠨ ᠤ 12 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨᠠᠬᠢ 18 ᠴᠠᠭ ᠪᠣᠯᠲᠠᠯ᠎ᠠ᠃       ᠬᠤᠶᠠᠷ᠂ ᠡᠯᠰᠡᠬᠦ ᠠᠷᠭ᠎ᠠ ᠵᠠᠮ       ᠨᠢᠭᠡ ᠳᠤ ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠭᠤᠯᠭ᠎ᠠ ᠶᠢ  ᠬᠤᠷᠢᠶᠠᠨ᠎ᠠ︔ ᠬᠤᠶᠠᠷ ᠲᠤ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠲᠠᠯᠠᠪᠠᠢ᠂ ᠬᠤᠰᠢᠭᠤᠨ ᠤ ᠰᠢᠭᠤᠳ ᠬᠠᠷᠢᠶ᠎ᠠ ᠨᠢᠭᠡᠴᠢ ᠠᠴᠠ ᠰᠠᠨᠠᠯ  ᠬᠤᠷᠢᠶᠠᠨ᠎ᠠ︔ ᠭᠤᠷᠪᠠ ᠳᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ᠂ ᠰᠠᠨᠠᠭᠤᠯᠭ᠎ᠠ ᠶᠢᠨ ᠪᠠᠶᠢᠳᠠᠯ ᠲᠠᠢ ᠤᠶᠠᠯᠳᠤᠭᠤᠯᠤᠨ᠂ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠤᠨ ᠰᠠᠨᠠᠯ ᠰᠠᠨᠠᠭᠤᠯᠭ᠎ᠠ ᠶᠢ ᠢᠳᠡᠪᠬᠢᠲᠡᠶ ᠳᠤᠷᠠᠳᠬᠤ ᠬᠡᠷᠡᠭᠲᠡᠶ᠃       ᠭᠤᠷᠪᠠ᠂ ᠡᠯᠰᠡᠬᠦ ᠠᠭᠤᠯᠭ᠎ᠠ ᠵᠢᠴᠢ ᠬᠡᠪᠴᠢᠶ᠎ᠡ       ᠥᠷᠭᠡᠨ ᠣᠯᠠᠨ ᠲᠦᠮᠡᠨ ᠤ ︽ᠢᠳᠡᠵᠦ ᠡᠮᠦᠰᠬᠦ ᠶᠠᠪᠤᠵᠤ ᠰᠠᠭᠤᠬᠤ᠂ ᠠᠮᠤᠷ ᠲᠠᠶᠢᠪᠤᠩ ᠠᠵᠤ ᠲᠦᠷᠦᠭᠦ︾ ᠪᠠᠷ ᠭᠤᠣᠯᠳᠠᠯᠭ᠎ᠠ ᠪᠣᠯᠭᠠᠨ᠂ ᠰᠤᠷᠭᠠᠨ ᠬᠥᠮᠦᠵᠢᠯ ᠰᠣᠶᠣᠯ᠂ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠢ ᠵᠠᠰᠠᠬᠤ᠂ ᠵᠠᠮ ᠬᠠᠷᠢᠯᠴᠠᠭ᠎ᠠ ᠭᠠᠳᠠᠭᠰᠢ ᠶᠠᠪᠤᠬᠤ᠂ ᠨᠠᠰᠤᠵᠢᠯ ᠤᠨ ᠦᠢᠯᠡᠴᠢᠯᠡᠭᠡᠨ᠂ ᠢᠳᠡᠭᠡᠨ ᠤ  ᠠᠮᠤᠷ ᠲᠦᠪᠰᠢᠨ᠂ ᠬᠤᠲᠠ ᠶᠢᠨ ᠬᠠᠮᠢᠶᠠᠷᠤᠯᠲᠠ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ ᠯᠦᠭᠡ ᠨᠢᠭᠲᠠ ᠬᠤᠯᠪᠣᠭᠳᠠᠬᠤ ᠲᠠᠯ᠎ᠠ ᠶᠢᠨ ᠲᠣᠭᠤᠷᠢᠨ ᠳᠤ ᠡᠯᠰᠡᠨ᠎ᠡ᠃       ᠳᠥᠷᠪᠡ᠂ ᠡᠯᠰᠡᠬᠦ ᠵᠠᠷᠴᠢᠮ       1 . ᠵᠢᠱᠢᠭᠳᠡᠬᠦ ᠲᠥᠷᠥᠯ ᠵᠦᠢᠯ ᠨᠢ ᠡᠩ ᠤᠨ ᠪᠠᠶᠢᠳᠠᠯ ᠳᠤ ᠲᠣᠰ ᠵᠢᠯ ᠳᠡᠭᠡᠨ ᠪᠡᠶᠡᠯᠡᠭᠦᠯᠵᠦ ᠳᠡᠶᠢᠯᠬᠦ᠂ ᠬᠤᠰᠢᠭᠤᠨ ᠤ ᠵᠠᠰᠠᠭ ᠤᠨ ᠣᠷᠳᠣᠨ ᠢᠶᠠᠷ ᠬᠡᠷᠡᠭᠵᠢᠭᠦᠯᠬᠦ ᠭᠤᠤᠯ ᠴᠣᠭᠴᠠ ᠪᠣᠯᠭᠠᠭᠰᠠᠨ ᠲᠥᠷᠥᠯ ᠵᠦᠢᠯ ᠪᠠᠶᠢᠵᠤ᠂ ᠴᠢᠬᠤᠯᠠ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠴᠢᠬᠤᠯᠠ ᠶᠡᠭᠡ ᠠᠵᠤ  ᠦᠢᠯᠡᠰ ᠤᠨ ᠬᠥᠭᠵᠢᠯᠲᠡ ᠶᠢᠨ ᠲᠥᠷᠥᠯ  ᠵᠦᠢᠯ ᠪᠠ ᠳᠡᠭᠡᠳᠦ ᠱᠠᠲᠤᠨ ᠤ ᠵᠠᠰᠠᠭ ᠤᠨ ᠣᠷᠳᠣᠨ ᠲᠠᠢ ᠬᠠᠮᠵᠢᠯᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠰ ᠱᠠᠲᠤᠨ ᠤ ᠵᠠᠰᠠᠭ ᠤᠨ ᠣᠷᠳᠣᠨ ᠠᠴᠠ ᠬᠡᠷᠡᠭᠵᠢᠭᠦᠯᠵᠦ ᠦᠷᠭᠦᠯᠵᠢᠯᠡᠨ ᠪᠠᠶᠢᠭᠤᠯᠬᠤ ᠵᠢᠴᠢ ᠢᠵᠢ ᠪᠥᠷᠢᠳᠦᠭᠦᠯᠬᠦ ᠭᠤᠤᠯ  ᠴᠤᠭᠴᠠᠲᠤ ᠲᠥᠷᠥᠯ ᠵᠦᠢᠯ ᠤᠨ ᠲᠤᠰᠠᠯᠠᠬᠤ ᠲᠥᠷᠥᠯ  ᠵᠦᠢᠯ ᠢ ᠡᠩ ᠤᠨ ᠪᠠᠶᠢᠳᠠᠯ ᠳᠤ ᠵᠢᠱᠢᠭᠳᠡᠬᠦ ᠲᠥᠷᠥᠯ  ᠵᠦᠢᠯ ᠳᠤ ᠣᠷᠣᠭᠤᠯᠬᠤ ᠥᠬᠡᠶ᠃       2 . ᠵᠢᠱᠢᠭᠳᠡᠭᠰᠡᠨ ᠲᠥᠷᠥᠯ ᠵᠦᠢᠯ ᠨᠢ ᠲᠦᠭᠡᠮᠡᠯ ᠬᠠᠷᠠᠭᠠᠯᠵᠠᠯ ᠤᠨ ᠴᠢᠨᠠᠷ᠂ ᠨᠡᠶᠢᠲᠡ ᠶᠢᠨ ᠠᠰᠠᠷᠠᠮᠵᠢ ᠶᠢᠨ ᠴᠢᠨᠠᠷ᠂ ᠦᠨᠳᠦᠰᠦᠨ ᠵᠦᠢᠯ ᠢ ᠪᠠᠲᠤᠯᠠᠬᠤ ᠴᠢᠨᠠᠷ ᠢ ᠳᠣᠪᠤᠶᠢᠯᠭᠠᠵᠤ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠪᠠᠷ ᠬᠦᠴᠦᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠳᠦᠷᠢ ᠲᠥᠷᠬᠦ ᠶᠢᠨ ᠢᠨᠵᠧᠨᠧᠷᠢᠩ᠂ ᠠᠵᠢᠯ ᠤᠨ ᠠᠮᠵᠢᠯᠲᠠ ᠶᠢᠨ ᠢᠨᠵᠧᠨᠧᠷᠢᠩ ᠢ ᠡᠷᠡᠰ ᠬᠤᠷᠢᠭᠯᠠᠬᠤ ᠬᠡᠷᠡᠭᠲᠡᠶ᠃       3 . ᠵᠢᠱᠢᠭᠳᠡᠭᠰᠡᠨ ᠲᠥᠷᠥᠯ ᠵᠦᠢᠯ ᠨᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ  ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠯᠦᠭᠡ ᠣᠷᠭᠠᠨᠢᠭ ᠢᠶᠠᠷ ᠵᠣᠯᠭᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠬᠦᠨᠳᠦ ᠬᠥᠩᠭᠡᠨ ᠠᠯᠭᠤᠷ ᠪᠠᠴᠢᠮ ᠢ ᠢᠯᠭᠠᠵᠤ᠂ ᠠᠯᠬᠤᠮ ᠳᠠᠷᠠᠭ᠎ᠠ ᠲᠠᠢ ᠪᠠᠷ ᠬᠡᠷᠡᠭᠵᠢᠭᠦᠯᠦᠨ᠎ᠡ᠃      ᠲᠠᠪᠤ᠂ ᠬᠠᠷᠢᠭᠤ ᠲᠤᠰᠬᠠᠬᠤ ᠠᠷᠭ᠎ᠠ ᠮᠠᠶ᠋ᠢᠭ     ︽ᠤᠷᠠᠳ ᠤᠨ ᠡᠮᠦᠨᠡᠲᠦ ᠬᠤᠰᠢᠭᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠢᠨᠵᠧᠨᠧᠷᠢᠩ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ ᠵᠢᠷᠤᠮᠵᠢᠭᠤᠯᠤᠨ ᠲᠠᠭᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ  ᠵᠢᠱᠢᠭᠳᠡᠬᠦ ᠲᠥᠷᠥᠯ ᠵᠦᠢᠯ ᠤᠨ ᠰᠠᠨᠠᠭᠤᠯᠭ᠎ᠠ ᠶᠢᠨ ᠲᠥᠰᠦᠯ ᠢ ᠳᠠᠭᠠᠯᠳᠤᠭᠤᠯᠤᠨ ᠦᠭᠬᠦ ᠬᠡᠷᠡᠭᠲᠡᠢ ︵ᠲᠥᠰᠦᠯ ᠳᠤ ᠲᠥᠷᠥᠯ ᠵᠦᠢᠯ ᠤᠨ ᠨᠡᠷᠡᠶᠢᠳᠦᠯ᠂ ᠴᠢᠬᠤᠯᠠ ᠴᠢᠨᠠᠷ᠂ ᠪᠣᠯᠤᠮᠵᠢᠲᠤ ᠴᠢᠨᠠᠷ᠂ ᠬᠡᠷᠡᠭᠵᠢᠭᠦᠯᠬᠦ ᠰᠠᠯᠠᠭ᠎ᠠ ᠮᠥᠴᠢᠷ᠂ ᠪᠠᠯᠠ ᠣᠷᠣᠭᠤᠯᠤᠯᠲᠠ ᠶᠢᠨ ᠵᠣᠭᠤᠰ ᠤᠨ ᠲᠤᠭ᠎ᠠ᠂ ᠪᠥᠲᠥᠭᠡᠨ ᠪᠠᠶᠢᠭᠤᠯᠤᠯᠲᠠ ᠶᠢᠨ ᠶᠠᠪᠤᠴᠠ᠂ ᠣᠨ ᠤ ᠱᠠᠲᠤᠴᠢ ᠴᠢᠨᠠᠷᠲᠠᠶ ᠬᠠᠷᠠᠯᠲᠠ ᠵᠡᠷᠭᠡ ᠴᠢᠬᠤᠯᠠ ᠪᠥᠬᠦᠶ ᠪᠠᠶᠢᠳᠠᠯ ᠢ ᠲᠣᠳᠣᠷᠬᠠᠶᠢᠯᠠᠵᠤ᠂ ᠲᠣᠳᠣᠷᠬᠠᠶ ᠢᠯᠡᠳᠬᠡᠭᠰᠡᠨ ᠥᠬᠡᠶ᠂ ᠪᠠᠶᠢᠳᠠᠯ ᠨᠢ ᠲᠣᠳᠣᠷᠬᠠᠶ ᠥᠬᠡᠶ ᠪᠣᠯ ᠬᠦᠴᠦᠨ ᠥᠬᠡᠶ ᠰᠠᠨᠠᠭᠤᠯᠭ᠎ᠠ ᠪᠠᠷ ᠦᠵᠡᠨ᠎ᠡ︶᠃       1 . ᠨᠡᠶᠢᠭᠡᠮ ᠤᠨ ᠡᠯ᠎ᠡ ᠡᠲᠡᠭᠡᠳ ᠤᠨ ᠬᠢᠨ ᠪᠢᠴᠢᠭ᠂ ᠵᠠᠬᠢᠳᠠᠯ᠂ ᠢᠮᠧᠯ ᠵᠡᠷᠭᠡ ᠬᠡᠯᠪᠡᠷᠢ ᠪᠠᠷ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ  ᠵᠦᠢᠯ ᠤᠨ ᠠᠷᠠᠳ ᠤᠨ ᠲᠥᠯᠥᠭᠡᠯᠡᠭᠴᠢᠳ ᠤᠨ ᠪᠢᠯᠧᠲ ᠥᠭᠬᠦ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠳᠤ ᠰᠠᠨᠠᠯ ᠰᠠᠨᠠᠭᠤᠯᠭ᠎ᠠ ᠳᠤᠷᠠᠳᠴᠤ᠂ ᠪᠢᠴᠢᠭ ᠤᠨ ᠵᠠᠬᠢᠳᠠᠯ ᠢ ᠬᠤᠰᠢᠭᠤᠨ ᠤ ᠵᠠᠰᠠᠭ ᠤᠨ ᠣᠷᠳᠣᠨ ᠤ 516 ᠲᠠᠰᠤᠭ ᠲᠤ  ᠬᠦᠷᠭᠡᠭᠡᠷᠡᠢ᠃      2 . ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠬᠤᠰᠢᠭᠤᠨ ᠤ ᠰᠢᠭᠤᠳ ᠬᠠᠷᠢᠶ᠎ᠠ   ᠪᠠᠶᠢᠭᠤᠯᠭ᠎ᠠ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠡᠮᠬᠢᠯᠡᠵᠦ᠂ ᠴᠢᠬᠤᠯᠠ ᠴᠢᠨᠠᠷ᠂ ᠪᠣᠯᠤᠮᠵᠢᠲᠤ ᠴᠢᠨᠠᠷ᠂ ᠡᠳ᠋ ᠤᠨ ᠬᠦᠴᠦᠨ ᠤ ᠲᠤᠯᠭᠠᠭᠤᠷᠢᠯᠠᠬᠤ ᠴᠢᠨᠠᠷ ᠵᠡᠷᠭᠡ ᠲᠠᠯ᠎ᠠ ᠪᠠᠷ ᠨᠤᠲᠠᠯᠠᠯᠲᠠ ᠦᠨᠡᠯᠡᠯᠲᠡ ᠬᠢᠵᠦ᠂ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠤ ᠳᠠᠷᠠᠭ᠎ᠠ ᠠᠯᠪᠠᠨ ᠲᠠᠮᠠᠭ᠎ᠠ ᠳᠠᠷᠤᠵᠤ ᠬᠤᠰᠢᠭᠤᠨ ᠤ ᠵᠠᠰᠠᠭ ᠤᠨ ᠣᠷᠳᠣᠨ ᠤ 516 ᠲᠠᠰᠤᠭ ᠲᠤ  ᠬᠦᠷᠭᠡᠭᠡᠷᠡᠢ᠃       ᠬᠠᠷᠢᠯᠴᠠᠬᠤ ᠬᠥᠮᠦᠨ᠄ ᠵᠠᠩ ᠢᠦᠶ       ᠬᠠᠷᠢᠯᠴᠠᠬᠤ ᠤᠲᠠᠰᠤ᠄ 15147934896        ᠢᠮᠧᠯ᠄ 278506613 @ qq . com                                                       ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2023 ᠣᠨ ᠤ 11 ᠰᠠᠷ᠎ᠠ ᠶᠢᠨ 14 ᠤ ᠡᠳᠦᠷ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ