ᠡᠶᠢᠮᠦ ᠢᠳᠡᠭᠡᠨ ᠢ ᠴᠡᠬᠡᠷᠯᠡ︕
ᠨᠡᠶᠢᠲᠡᠯᠡᠭᠰᠡᠨ ᠴᠠᠭ᠄
2023/11/16
      ᠠᠮᠲᠠ ᠣᠷᠣᠭᠤᠯᠣᠬᠰᠠᠨ ᠵᠢᠮᠢᠰ ᠤᠨ ᠦᠷ᠎ᠡ᠃ ᠠᠮᠲᠠ ᠣᠷᠣᠭᠤᠯᠤᠭᠰᠠᠨ ᠵᠢᠮᠢᠰ ᠤᠨ ᠦᠷ᠎ᠡ ᠨᠢ ᠰᠢᠬᠢᠷ᠂ ᠳᠠᠪᠤᠰᠤ ᠪᠤᠶᠤ ᠪᠤᠰᠤᠳ ᠠᠮᠲᠠ ᠣᠷᠣᠭᠤᠯᠬᠤ ᠡᠳ᠋ ᠢ ᠨᠡᠮᠡᠵᠦ᠂ ᠴᠢᠨᠠᠷ ᠬᠤᠪᠢᠷᠠᠬᠤ ᠠᠴᠠ ᠰᠡᠷᠬᠡᠶᠢᠯᠡᠳᠡᠭ᠂ ᠡᠶᠢᠮᠦ ᠢᠳᠡᠭᠡᠨ ᠨᠢ ᠬᠥᠮᠥᠰ ᠢ ᠠᠮᠠᠷᠬᠠᠨ ᠮᠠᠷᠢᠶᠠᠯᠠᠭᠤᠯᠳᠠᠭ᠃      ᠰᠦᠨ ᠤᠮᠳᠠᠭᠠᠨ᠃ ᠴᠠᠭᠠᠨ ᠰᠢᠬᠢᠷ᠂ ᠨᠢᠰᠢᠩᠭᠦ ᠶᠢᠨ ᠰᠢᠬᠢᠷ᠂ ᠵᠢᠮᠢᠰ ᠤᠨ ᠰᠢᠬᠢᠷ ᠵᠡᠷᠭᠡ ᠰᠢᠬᠢᠷ ᠤᠨ ᠪᠦᠷᠢᠯᠳᠦᠭᠦᠨ ᠢ ᠨᠡᠮᠡᠭᠰᠡᠨ ᠰᠦᠨ ᠤᠮᠳᠠᠭᠠᠨ ᠤ ᠢᠯᠴᠢ ᠶᠢᠨ ᠬᠡᠮᠵᠢᠶ᠎ᠡ ᠨᠢ ᠬᠡᠳᠦ ᠶᠡᠭᠡ ᠪᠠᠶᠢᠵᠦ᠂ ᠣᠣᠭᠤᠪᠠᠯ ᠠᠮᠠᠷᠬᠠᠨ ᠮᠠᠷᠢᠶᠠᠯᠠᠳᠠᠭ᠃      ᠨᠣᠭᠤᠭ᠎ᠠ ᠵᠢᠮᠢᠰ ᠪᠤᠶᠤ ᠤᠯᠠᠭᠠᠨ ᠲᠥᠮᠥᠰᠥ ᠶᠢᠨ ᠬᠠᠳᠠᠭᠠᠮᠠᠯ᠃ ᠡᠶᠢᠮᠦᠷᠬᠦ ᠵᠦᠢᠯ ᠢ ᠬᠢᠬᠦ ᠳᠤ ᠲᠣᠰᠣᠨ ᠳ᠋ᠤᠪᠤᠴᠠᠯᠭᠠᠵᠤ᠂ ᠰᠢᠬᠢᠷ ᠳᠠᠪᠤᠰᠦ ᠬᠢᠵᠦ ᠪᠠᠶᠢᠳᠠᠭ ᠠᠴᠠ ᠮᠦᠨ ᠠᠮᠠᠷᠬᠠᠨ ᠮᠠᠷᠢᠶᠠᠯᠠᠭᠤᠯᠳᠠᠭ᠃      ᠮᠢᠬᠠᠨ ᠤ ᠳᠠᠷᠤᠰᠢ᠂ ᠥᠨᠳᠡᠭᠡᠨ ᠤ ᠲᠥᠷᠥᠯ ᠤᠨ ᠢᠳᠡᠭᠡᠨ᠃ ᠡᠶᠢᠮᠦᠷᠬᠦ ᠰᠤᠯᠠ ᠢᠳᠡᠭᠡᠨ ᠤ ᠣᠯᠠᠩᠬᠢ ᠶᠢ ᠨᠢ ᠤᠲᠤᠵᠤ ᠬᠢᠭᠰᠡᠨ ᠪᠤᠶᠤ ᠠᠮᠳᠠ ᠣᠷᠣᠭᠤᠯᠣᠬᠴᠢ ᠲᠠᠢ ᠵᠢᠩᠨᠡᠵᠦ ᠭᠠᠷᠭᠠᠭᠰᠠᠨ ᠶᠤᠮ᠂ ᠶᠡᠭᠡ ᠬᠡᠮᠵᠢᠶᠡᠨ ᠤ ᠲᠣᠰᠣ᠂ ᠳᠠᠪᠤᠰᠤ᠂ ᠰᠢᠬᠢᠷ ᠵᠡᠷᠭᠡ ᠡᠳ᠋ ᠠᠭᠤᠯᠵᠤ ᠪᠠᠶᠢᠳᠠᠭ᠂ ᠦᠢᠯᠡᠳᠬᠦ ᠶᠠᠪᠤᠴᠠ ᠳᠤ ᠢᠳᠡᠭᠡᠨ ᠨᠢ ᠰᠢᠮ᠎ᠡ ᠲᠡᠵᠢᠭᠡᠯ ᠢᠶᠠᠨ ᠠᠯᠳᠠᠵᠤ᠂ ᠪᠠᠰᠠ ᠪᠠᠭ᠎ᠠ ᠬᠡᠮᠵᠢᠶᠡᠨ ᠤ ᠠᠽᠣᠲ ᠬᠦᠴᠢᠯ ᠤᠨ ᠨᠠᠳ᠋ᠷᠢ ᠶᠢ ᠨᠡᠮᠡᠵᠦ ᠢᠯᠵᠢᠷᠡᠬᠦ ᠶᠢ ᠰᠡᠷᠭᠡᠶᠢᠯᠡᠬᠦ ᠪᠠ ᠥᠩᠭᠡ ᠣᠷᠣᠭᠤᠯᠳᠠᠭ᠂ ᠤᠷᠲᠤ ᠬᠤᠭᠤᠴᠠᠭ᠎ᠠ ᠪᠠᠷ ᠬᠡᠷᠡᠭᠯᠡᠪᠡᠯ ᠬᠥᠮᠥᠨ ᠤ ᠪᠡᠶ᠎ᠡ ᠳᠤ ᠬᠤᠣᠷᠲᠠᠢ ᠶᠤᠮ᠃      ᠵᠢᠮᠢᠰ ᠤᠨ ᠰᠢᠭᠦᠰᠦ᠃ ᠵᠢᠮᠢᠰ ᠤᠨ ᠰᠢᠬᠠᠬᠰᠠᠨ ᠰᠢᠭᠦᠰᠦ ᠨᠢ ᠤᠷᠭᠤᠮᠠᠯ ᠤᠨ ᠡᠰ ᠤᠨ ᠬᠠᠨ᠎ᠠ ᠶᠢ ᠡᠪᠳᠡᠵᠦ᠂ ᠵᠢᠮᠢᠰ ᠤᠨ ᠰᠢᠭᠦᠰᠦᠨ ᠳᠠᠬᠢ ᠴᠢᠯᠦᠭᠡᠲᠦ ᠰᠢᠬᠢᠷ ᠢ ᠨᠡᠮᠡᠭᠳᠡᠭᠦᠯᠦᠨ᠂ ᠴᠢᠰᠤᠨ ᠰᠢᠬᠢᠷ ᠤᠨ ᠤᠷᠪᠠᠯ ᠢ ᠨᠡᠮᠡᠭᠳᠡᠭᠦᠯᠳᠡᠭ᠂ ᠡᠶᠢᠮᠦ ᠠᠴᠠ ᠵᠦᠭᠡᠷ ᠯᠠ ᠵᠢᠮᠢᠰ ᠢᠳᠡᠬᠦ ᠨᠢ ᠵᠢᠮᠢᠰ ᠤᠨ ᠰᠢᠭᠦᠰᠦ ᠤᠤᠭᠤᠬᠤ ᠠᠴᠠ ᠬᠤᠯᠠ ᠳᠡᠭᠡᠷ᠎ᠡ ᠪᠠᠶᠢᠳᠠᠭ᠃      
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ