ᠮᠠᠨ ᠤ ᠤᠯᠠᠭᠠᠨ ᠬᠤᠭᠤᠯᠠᠶ ᠮᠠᠰᠢ ᠬᠡᠪᠡᠷᠡᠭ ᠶᠤᠮ᠂ ᠤᠯᠠᠭᠠᠨ ᠬᠤᠭᠤᠯᠠᠶ ᠳᠤ ᠬᠠᠮᠤᠭ ᠤᠨ ᠲᠠᠭᠠᠯᠠᠮᠵᠢᠲᠠᠶ ᠳᠤᠯᠠᠭᠠᠨ ᠤ ᠬᠡᠮᠵᠢᠶ᠎ᠡ ᠪᠣᠯ | 10~40℃᠂ 50~60℃ ᠢ ᠠᠷᠠᠶ ᠴᠢᠷᠠᠶ ᠲᠡᠰᠪᠦᠷᠢᠯᠡᠵᠦ ᠳᠡᠶᠢᠯᠳᠡᠭ᠂ ᠬᠠᠷᠢᠨ 65℃ ᠠᠴᠠ ᠳᠡᠭᠡᠭᠰᠢ ᠪᠣᠯᠪᠠᠯ ᠲᠡᠰᠪᠦᠷᠢᠯᠡᠵᠦ ᠳᠡᠶᠢᠯᠬᠦ ᠥᠬᠡᠶ | ᠪᠣᠯᠵᠣ᠂ ᠬᠠᠯᠠᠭᠠᠭᠳᠠᠨ ᠰᠢᠷᠬᠠᠲᠤᠳᠠᠭ᠃ ᠭᠡᠪᠡᠴᠦ ᠪᠤᠯᠪᠠᠷᠠᠶ ᠵᠥᠭᠡᠯᠡᠨ ᠤᠯᠠᠭᠠᠨ ᠬᠤᠭᠤᠯᠠᠶ ᠨᠢ ᠳᠤᠯᠠᠭᠠᠨ ᠤ ᠬᠡᠮᠵᠢᠶ᠎ᠡ ᠳᠤ ᠰᠡᠷᠭᠡᠭ ᠪᠤᠰᠤ ᠪᠣᠯᠬᠤᠷ᠂ | ᠬᠠᠯᠠᠭᠠᠭᠳᠠᠭᠰᠠᠨ ᠴᠤ ᠳᠡᠮᠡᠶ ᠶᠡᠭᠡ ᠰᠡᠷᠡᠭᠳᠡᠯ ᠥᠬᠡᠶ ᠪᠠᠶᠢᠳᠠᠭ᠃ | ᠡᠶᠢᠮᠦ ᠠᠴᠠ ᠦᠷᠭᠦᠯᠵᠢ ᠬᠠᠯᠠᠭᠤᠨ ᠢᠳᠡᠭᠡᠨ ᠢᠳᠡᠬᠦ ᠨᠢ ᠤᠯᠠᠭᠠᠨ ᠬᠤᠭᠤᠯᠠᠶ ᠶᠢᠨ ᠰᠠᠯᠢᠰᠤᠲᠤ ᠪᠦᠷᠬᠦᠪᠴᠢ ᠳᠤ ᠨᠢᠭᠡ ᠵᠦᠢᠯ ᠤᠨ ᠤᠳᠠᠭᠠᠨ | ᠴᠢᠨᠠᠷᠲᠠᠢ ᠰᠡᠳᠦᠯᠲᠡ ᠪᠣᠯᠵᠤ᠂ ᠶᠡᠷᠦ ᠳᠡᠭᠡᠨ ᠭᠡᠮᠲᠦᠯ ᠨᠢ ᠡᠳᠡᠭᠡᠷᠡᠭᠡᠳᠦᠢ ᠪᠠᠷ ᠳᠠᠬᠢᠨ ︽ᠬᠦᠨᠳᠦ ᠰᠢᠷᠬᠠᠲᠤᠳᠠᠭ︾ ᠃ ᠣᠷᠳᠣ ᠬᠤᠭᠤᠴᠠᠭ᠎ᠠ ᠪᠠᠷ | ᠢᠩᠭᠢᠭᠡᠳ ᠪᠠᠶᠢᠪᠠᠯ ᠥᠮᠡᠨ ᠪᠣᠯᠬᠤ ᠲᠦᠭᠰᠢᠭᠦᠷᠢ ᠶᠢ ᠨᠡᠮᠡᠭᠳᠡᠭᠦᠯᠵᠦ᠂ ᠤᠯᠠᠭᠠᠨ ᠬᠤᠭᠤᠯᠠᠶ ᠶᠢᠨ ᠥᠮᠡᠨ ᠳᠤ ᠠᠮᠠᠷᠬᠠᠨ ᠨᠡᠷᠪᠡᠭᠳᠡᠨ᠎ᠡ᠃ | ᠡᠶᠢᠮᠦ ᠠᠴᠠ 65 ᠭᠷᠠᠳᠦ᠋ᠰ ᠠᠴᠠ ᠬᠡᠲᠦᠷᠡᠭᠰᠡᠨ ᠬᠠᠯᠠᠭᠤᠨ ᠤᠮᠳᠠᠭᠠᠨ ᠢ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ︵ | WHO︶ ᠶᠢᠨ ᠬᠠᠷᠢᠶᠠᠨ ᠳᠠᠬᠢ ᠣᠯᠠᠨ ᠤᠯᠤᠰ ᠤᠨ ᠥᠮᠡᠨ ᠡᠪᠡᠳᠴᠢᠨ ᠤ ᠰᠤᠳᠤᠯᠭᠠᠨ ᠤ ᠪᠠᠶᠢᠭᠤᠯᠤᠮᠵᠢ ︵IARC︶ ᠠᠴᠠ ᠨᠢᠭᠡᠨᠲᠡ 2A | ᠲᠥᠷᠥᠯ ᠤᠨ ᠥᠮᠡᠨ ᠡᠭᠦᠰᠭᠡᠬᠦ ᠪᠣᠳᠠᠰ ᠤᠨ ᠨᠡᠷᠡᠰ ᠲᠤ ᠣᠷᠣᠭᠤᠯᠵᠠᠢ᠃ | ᠶᠡᠷᠦᠩᠬᠡᠶᠢᠯᠡᠪᠡᠯ᠂ ᠭᠡᠳᠡᠰᠦ ᠳᠣᠲᠣᠷ ᠢᠶᠠᠨ ᠡᠷᠡᠭᠦᠯ ᠮᠡᠨᠳᠦ ᠪᠠᠶᠢᠯᠭᠠᠶ᠎ᠠ ᠭᠡᠪᠡᠯ ᠬᠡᠳᠦ ᠬᠠᠯᠠᠭᠤᠨ ᠢᠳᠡᠭᠡᠨ ᠢᠳᠡᠵᠦ ᠪᠣᠯᠬᠤ ᠦᠭᠡᠢ᠂ ᠪᠠᠰᠠ | ᠳᠡᠩᠳᠡᠭᠦᠦ ᠬᠠᠯᠠᠭᠤᠨ ᠤᠰᠤ ᠤᠤᠭᠤᠵᠤ ᠪᠣᠯᠬᠤ ᠦᠭᠡᠢ᠃ | ᠬᠡᠳᠦ᠋ᠢᠪᠡᠷ ᠪᠢᠳᠡ ᠥᠲᠡᠯᠬᠦ ᠶᠢ ᠬᠤᠷᠢᠭᠯᠠᠵᠤ ᠳᠡᠶᠢᠯᠬᠦ ᠦᠭᠡᠢ ᠪᠣᠯᠪᠠᠴᠤ᠂ ᠠᠮᠢᠳᠤᠷᠠᠯ ᠪᠠ ᠢᠳᠡᠭᠡᠨ ᠤᠮᠳᠠᠭᠠᠨ ᠤ ᠳᠠᠳᠬᠠᠯ ᠢᠶᠠᠨ | ᠥᠭᠡᠷᠡᠴᠢᠯᠡᠬᠦ ᠪᠠᠷ ᠳᠠᠮᠵᠢᠨ ᠥᠪᠡᠷ ᠤᠨ ᠪᠡᠶ᠎ᠡ ᠪᠠ ᠭᠡᠷ ᠤᠨ ᠬᠥᠮᠦᠰ ᠤᠨ ᠢᠶᠠᠨ ᠦᠲᠡᠯᠬᠦ ᠶᠢ ᠰᠠᠭᠠᠷᠠᠭᠤᠯᠤᠵᠤ ᠪᠣᠯᠤᠨ᠎ᠠ᠃ | |