ᠳᠠᠪᠤᠰᠤ ᠶᠡᠬᠡᠲᠡᠶ ᠢᠳᠡᠭᠡᠨ ᠤᠮᠳᠠᠭᠠᠨ ᠤ ᠬᠤᠣᠷ ᠬᠥᠨᠥᠭᠡᠯ ᠨᠢ ᠵᠥᠪᠬᠡᠨ ᠴᠢᠰᠤᠨ ᠳᠠᠷᠤᠯᠲᠠ ᠶᠢ ᠦᠨᠳᠦᠷ ᠪᠣᠯᠭᠠᠬᠤ ᠲᠡᠳᠦᠢ ᠪᠢᠰᠢ᠂ | ᠬᠤᠳᠣᠭᠤᠳᠣᠨ ᠤ ᠦᠷᠪᠢᠰᠦᠯ ᠤᠨ ᠡᠭᠦᠰᠦᠯᠲᠡ ᠨᠢ ᠴᠦ ᠳᠠᠪᠤᠰᠤ ᠶᠡᠬᠡᠲᠡᠶ ᠢᠳᠡᠭᠡᠨ ᠤᠮᠳᠠᠭᠠᠨ ᠲᠠᠢ ᠨᠢᠭᠲᠠ ᠬᠠᠷᠢᠴᠠᠭ᠎ᠠ ᠲᠠᠢ ᠪᠠᠶᠢᠳᠠᠭ᠃ | ᠳᠠᠪᠤᠰᠤ ᠶᠢ ᠬᠡᠲᠦᠷᠬᠡᠶ ᠠᠷᠪᠢᠨ ᠰᠢᠩᠭᠡᠭᠡᠪᠡᠯ ᠬᠤᠳᠣᠭᠤᠳᠣᠨ ᠤ ᠰᠠᠯᠢᠰᠤᠲᠤ ᠪᠦᠷᠬᠦᠪᠴᠢ ᠳᠤ ᠰᠡᠳᠦᠯᠲᠡ ᠥᠭᠴᠦ᠂ ᠬᠤᠳᠣᠭᠤᠳᠣᠨ ᠬᠠᠨ᠎ᠠ ᠶᠢᠨ | ᠡᠰ ᠢ ᠬᠤᠪᠬᠤᠷᠠᠭᠤᠯᠤᠨ ᠤᠨᠠᠭᠠᠵᠤ ᠮᠡᠳᠡᠨ᠎ᠡ᠃ ᠬᠠᠨ᠎ᠠ ᠶᠢᠨ ᠡᠰ ᠪᠣᠯ ᠬᠤᠳᠣᠭᠤᠳᠣᠨ ᠤ ᠡᠷᠡᠭᠦᠯ ᠮᠡᠨᠳᠦ ᠶᠢ ᠬᠠᠮᠠᠭᠠᠯᠠᠬᠤ ᠬᠠᠯᠬᠠᠪᠴᠢ ᠮᠥᠨ᠂ ᠬᠡᠷᠪᠡ | ᠡᠪᠳᠡᠭᠳᠡᠪᠡᠯ ᠬᠤᠳᠣᠭᠤᠳᠣᠨ ᠤ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠵᠦ᠂ ᠬᠦᠨᠳᠦ ᠨᠣᠴᠢᠲᠠᠶ ᠨᠢ ᠪᠠᠰᠠ ᠬᠤᠳᠣᠭᠤᠳᠣᠨ ᠤ ᠥᠮᠡᠨ ᠢ | ᠡᠭᠦᠰᠭᠡᠵᠦ ᠮᠡᠳᠡᠨ᠎ᠡ᠃ | ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠢᠭᠠᠯᠲᠠ ︵2022︶︾ ᠶᠢᠨ ᠰᠠᠨᠠᠭᠤᠯᠭ᠎ᠠ ᠶᠢ ᠦᠨᠳᠦᠰᠦᠯᠡᠪᠡᠯ᠂ | ᠬᠥᠮᠦᠨ ᠪᠦᠷᠢ ᠶᠢᠨ ᠡᠳᠦᠷ ᠪᠦᠷᠢ ᠶᠢᠨ ᠢᠳᠡᠬᠦ ᠳᠠᠪᠤᠰᠤᠨ ᠤ ᠬᠡᠮᠵᠢᠶ᠎ᠡ ᠨᠢ 5 ᠭᠷᠠᠮ ᠠᠴᠠ ᠪᠠᠭ᠎ᠠ ᠪᠠᠶᠢᠪᠠᠯ ᠵᠣᠬᠢᠨ᠎ᠠ᠃ ᠬᠤᠳᠣᠭᠤᠳᠣᠨ ᠤ ︽ᠥᠲᠡᠯᠬᠦ︾ | ᠠᠬᠢᠴᠠ ᠶᠢ ᠤᠳᠠᠭᠠᠰᠢᠷᠠᠭᠤᠯᠤᠶᠠ ᠭᠡᠪᠡᠯ ᠵᠠᠪᠠᠯ ᠠᠷᠭ᠎ᠠ ᠪᠤᠳᠤᠵᠤ ᠳᠠᠪᠤᠰᠤ ᠶᠢ ᠬᠢᠵᠠᠭᠠᠷᠯᠠᠬᠤ ᠬᠡᠷᠡᠭᠲᠡᠶ᠃ | ᠨᠣᠭᠤᠭ᠎ᠠ ᠬᠢᠬᠦ ᠳᠡᠭᠡᠨ ᠲᠣᠭᠤᠭᠠᠨ ᠠᠴᠠ ᠪᠠᠨ ᠭᠠᠷᠭᠠᠬᠤ ᠦᠶ᠎ᠡ ᠳᠤ ᠳᠠᠪᠤᠰᠤ ᠬᠢᠬᠦ ᠶᠢ ᠰᠠᠨᠠᠭᠠᠴᠢᠯᠠᠨ᠎ᠠ︔ ᠨᠣᠭᠤᠭ᠎ᠠ ᠬᠢᠬᠦ ᠳᠤ ᠼᠤᠤ ᠪᠠᠷ ᠠᠮᠲᠠ | ᠣᠷᠣᠭᠤᠯᠵᠤ ᠪᠣᠯᠤᠨ᠎ᠠ᠂ ᠤᠴᠢᠷ ᠨᠢ ᠪᠠᠭ᠎ᠠ ᠬᠡᠮᠵᠢᠶᠡᠨ ᠤ ᠼᠤᠤ ᠨᠢ ᠱᠣᠷᠪᠣᠭ ᠠᠮᠲᠠ ᠶᠢᠨ ᠠᠮᠲᠠ ᠶᠢ ᠨᠡᠮᠡᠭᠳᠡᠭᠦᠯᠳᠡᠭ᠃ ᠪᠠᠰᠠ ᠢᠯᠡᠭᠦᠦ ᠰᠢᠭ | ᠪᠠᠶᠢᠭᠠᠯᠢᠯᠢᠭ ᠠᠮᠲᠠ ᠣᠷᠣᠭᠤᠯᠬᠤ ᠡᠳ᠋ ᠬᠢᠵᠦ ᠪᠣᠯᠤᠨ᠎ᠠ᠂ ᠵᠢᠱᠢᠶᠡᠯᠡᠪᠡᠯ ᠦᠨᠦᠷᠲᠦ ᠨᠠᠪᠴᠢ᠂ ᠠᠷᠪᠠᠨ ᠭᠤᠷᠪᠠᠨ ᠦᠨᠦᠷᠲᠦ ᠡᠳ᠋᠂ ᠬᠤᠤᠵᠤᠤ ᠶᠢᠨ | ᠨᠤᠨᠲᠠᠭ᠂ ᠬᠤᠸᠠᠵᠤᠤ᠂ ᠰᠣᠩᠭᠢᠨ᠎ᠠ ᠵᠡᠷᠭᠡ᠃ | ᠠᠮᠢᠳᠤᠷᠠᠯ ᠳᠤᠮᠳᠠ ᠳᠠᠪᠤᠰᠤᠯᠠᠭᠰᠠᠨ ᠨᠣᠭᠤᠭ᠎ᠠ᠂ ᠳᠠᠷᠤᠰᠢᠯᠠᠭᠰᠠᠨ ᠨᠣᠭᠤᠭ᠎ᠠ᠂ ᠰᠢᠷ᠎ᠠ ᠪᠤᠷᠴᠠᠭ ᠤᠨ ᠨᠤᠬᠤᠰᠢ᠂ ᠳ᠋ᠧᠦᠹᠦ᠋ ᠶᠢᠨ ᠰᠦ᠂ | ᠳᠠᠪᠤᠰᠤᠯᠠᠭᠰᠠᠨ ᠮᠢᠬ᠎ᠠ᠂ ᠬᠢᠮ᠎ᠠ ᠵᠡᠷᠭᠡ ᠨᠢᠭᠤᠭᠳᠠᠮᠠᠯ ᠳᠠᠪᠤᠰᠤ ᠲᠠᠢ ᠢᠳᠡᠭᠡᠨ ᠢ ᠪᠠᠭ᠎ᠠ ᠢᠳᠡᠵᠦ᠂ ᠨᠣᠭᠤᠭ᠎ᠠ ᠬᠢᠬᠦ ᠳᠤ ᠵᠢᠶᠠᠩᠶ᠋ᠢᠦ ᠬᠢᠪᠡᠯ ᠳᠠᠪᠤᠰᠤ ᠶᠢ | ᠪᠠᠭ᠎ᠠ ᠬᠢᠵᠦ᠂ 10ml ᠵᠢᠶᠠᠩᠶ᠋ᠢᠦ ᠳᠤ ᠪᠠᠷᠤᠭ 16g ᠳᠠᠪᠤᠰᠤ ᠠᠭᠤᠯᠳᠠᠭ᠃ | ᠡᠭᠦᠨ ᠠᠴᠠ ᠭᠠᠳᠠᠨ᠎ᠠ᠂ ᠪᠣᠭᠤᠳᠠᠯᠯᠠᠭᠰᠠᠨ ᠢᠳᠡᠭᠡᠨ ᠢ ᠬᠤᠳᠠᠯᠳᠤᠨ ᠠᠪᠬᠤ ᠳᠠᠭᠠᠨ ᠰᠢᠮ᠎ᠡ ᠲᠡᠵᠢᠭᠡᠯ ᠤᠨ ᠪᠦᠷᠢᠯᠳᠦᠬᠦᠨ ᠤ ᠬᠦᠰᠦᠨᠦᠭᠲᠦ ᠶᠢ | ᠦᠵᠡᠵᠦ᠂ ᠴᠢᠳᠠᠬᠤ ᠶᠢᠨ ᠳᠣᠲᠣᠷ᠎ᠠ ᠳᠠᠪᠤᠰᠤ ᠶᠡᠬᠡᠲᠡᠶ ᠢᠳᠡᠭᠡᠨ ᠢ ᠬᠤᠳᠠᠯᠳᠤᠨ ᠠᠪᠬᠤ ᠦᠭᠡᠢ᠂ ᠥᠭᠡᠷ᠎ᠡ ᠪᠠᠷ ᠬᠡᠯᠡᠪᠡᠯ ᠨᠠᠳ᠋ᠷᠢ ᠶᠢᠨ ᠠᠭᠤᠯᠤᠭᠳᠠᠴᠠ ᠨᠢ | 800mg/100g ᠪᠣᠯᠬᠤ ᠢᠳᠡᠭᠡᠨ ᠢ ᠬᠤᠳᠠᠯᠳᠤᠨ ᠠᠪᠬᠤ ᠬᠡᠷᠡᠭᠲᠡᠶ᠃ | |