ᠮᠠᠰᠢ ᠣᠯᠠᠨ ᠬᠥᠮᠦᠨ ᠪᠦᠷ ᠰᠢᠬᠢᠷᠯᠢᠭ ᠢᠳᠡᠭᠡᠨ ᠳᠤ ᠳᠤᠷᠠᠲᠠᠶ ᠪᠠᠶᠢᠳᠠᠭ᠂ ᠤᠴᠢᠷ ᠨᠢ ᠲᠡᠷᠡ ᠨᠢ ᠳ᠋ᠤᠫᠠᠮᠢᠨ ᠤ ᠰᠢᠭᠦᠷᠡᠯᠲᠡ ᠳᠤ ᠰᠡᠳᠦᠯᠲᠡ | ᠥᠭᠴᠦ᠂ ᠬᠥᠮᠦᠰ ᠢ ᠲᠦᠢᠯ ᠢᠶᠠᠷ ᠪᠠᠶᠠᠰᠬᠠᠳᠠᠭ᠃ ᠭᠡᠪᠡᠴᠦ ᠰᠢᠬᠢᠷᠯᠢᠭ ᠢᠳᠡᠭᠡᠨ ᠢ ᠠᠷᠪᠢᠨ ᠢᠳᠡᠪᠡᠯ ᠰᠢᠳᠦᠨ ᠤ ᠡᠷᠡᠭᠦᠯ ᠮᠡᠨᠳᠦ ᠶᠢ | ᠬᠤᠬᠢᠷᠠᠭᠤᠯᠬᠤ ᠪᠠᠷ ᠪᠠᠷᠠᠬᠤ ᠥᠬᠡᠶ᠂ ᠪᠠᠰᠠ ᠬᠥᠮᠦᠨ ᠤ ᠪᠡᠶ᠎ᠡ ᠶᠢᠨ ᠥᠲᠡᠯᠬᠦ ᠠᠬᠢᠴᠠ ᠶᠢ ᠲᠦᠷᠭᠡᠳᠬᠡᠨ᠎ᠡ᠃ | ᠰᠢᠬᠢᠷ ᠨᠢ ᠠᠮᠠᠨ ᠤ ᠬᠥᠨᠳᠡᠶ ᠳᠠᠬᠢ ᠪᠠᠺᠲ᠋ᠧᠷᠢ ᠳᠤ ︽ᠲᠠᠭᠠᠯᠠᠮᠵᠢᠲᠠᠶ︾ ᠥᠰᠴᠦ ᠦᠷᠡᠵᠢᠬᠦ ᠣᠷᠴᠢᠨ ᠲᠣᠭᠤᠷᠢᠨ ᠢ ᠬᠠᠩᠭᠠᠨ ᠥᠭᠴᠦ᠂ | ᠪᠠᠺᠲ᠋ᠧᠷᠢ ᠪᠣᠯᠤᠨ ᠰᠢᠬᠢᠷ ᠠᠭᠠᠵᠢᠮ ᠢᠶᠠᠷ ᠰᠢᠳᠦ ᠶᠢ ᠦᠭᠡᠶᠢᠬᠢᠵᠦ᠂ ᠡᠴᠦᠰ ᠲᠡᠭᠡᠨ ᠬᠤᠷᠣᠬᠠᠶᠢᠲᠤᠭᠰᠠᠨ ᠰᠢᠳᠦ ᠶᠢ ᠪᠤᠢ ᠪᠣᠯᠭᠠᠨ᠎ᠠ᠃ | ᠬᠤᠷᠣᠬᠠᠶᠢᠲᠤᠭᠰᠠᠨ ᠰᠢᠳᠦ ᠶᠢ ᠴᠠᠭ ᠲᠤᠬᠠᠢ ᠳᠤ ᠨᠢ ᠵᠠᠰᠠᠬᠤ ᠦᠭᠡᠢ ᠪᠣᠯ ᠬᠤᠷᠣᠬᠠᠶᠢᠲᠤᠭᠰᠠᠨ ᠨᠦᠬᠡ ᠪᠣᠯᠣᠨ᠂ ᠢᠰᠬᠦᠯᠡᠩ᠂ ᠰᠢᠬᠢᠷᠯᠢᠭ᠂ ᠬᠦᠢᠲᠡᠨ᠂ | ᠬᠠᠯᠠᠭᠤᠨ ᠢᠳᠡᠭᠡᠨ ᠢᠳᠡᠬᠦ ᠳᠤ ᠡᠪᠡᠳᠬᠦ ᠨᠢ ᠢᠯᠡᠷᠬᠡᠶ ᠪᠣᠯᠵᠤ᠂ ᠨᠡᠩ ᠬᠦᠨᠳᠦᠷᠡᠪᠡᠯ ᠰᠢᠳᠤᠨ ᠤ ᠬᠡᠷᠡᠭᠴᠡᠭᠡ ᠪᠠᠨ ᠠᠯᠳᠠᠨ᠂ ᠵᠠᠵᠢᠯᠠᠬᠤ ᠳᠤ ᠬᠦᠴᠢᠷᠳᠡᠵᠦ | ᠂ ᠢᠳᠡᠬᠦ ᠶᠢ ᠨᠦᠯᠦᠭᠡᠯᠡᠨ᠎ᠡ᠃ | ᠲᠡᠶᠢᠮᠦ ᠮᠥᠷᠲᠡᠭᠡᠨ ᠬᠡᠲᠦᠷᠬᠡᠶ ᠠᠷᠪᠢᠨ ᠨᠡᠮᠡᠯᠲᠡ ᠰᠢᠬᠢᠷ ᠢᠳᠡᠬᠦ ᠨᠢ ᠠᠷᠠᠰᠤᠨ ᠤ ᠥᠲᠡᠯᠡᠬᠦ ᠠᠬᠢᠴᠠ ᠶᠢ ᠲᠦᠷᠭᠡᠳᠬᠡᠨ᠎ᠡ᠃ ᠰᠢᠬᠢᠷ ᠨᠢ | ᠡᠴᠦᠰ ᠲᠡᠭᠡᠨ ᠪᠡᠶ᠎ᠡ ᠶᠢᠨ ᠳᠣᠲᠣᠷ᠎ᠠ ᠦᠵᠦᠮ ᠤᠨ ᠰᠢᠬᠢᠷ ᠪᠣᠯᠤᠨ ᠵᠠᠳᠠᠷᠠᠭᠠᠳ ᠰᠠᠶ᠋ᠢ ᠪᠡᠶ᠎ᠡ ᠮᠠᠬᠠᠪᠣᠳ ᠲᠤ ᠠᠰᠢᠭᠯᠠᠭᠳᠠᠳᠠᠭ᠃ ᠦᠵᠦᠮ ᠤᠨ | ᠰᠢᠬᠢᠷ ᠤᠨ ᠺᠠᠷᠪᠣᠺᠰᠢᠯ ᠨᠢ DNA᠂ ᠥᠭᠡᠬᠦ᠂ ᠤᠭᠤᠷᠠᠭ ᠤᠨ ᠠᠮᠢᠨᠣ᠋ ᠲᠠᠢ ᠨᠢᠭᠡ ᠰᠢᠷᠢᠰ ᠤᠷᠪᠠᠯ ᠢᠶᠠᠷ ᠳᠠᠮᠵᠢᠨ ᠰᠢᠬᠢᠷᠵᠢᠭᠰᠡᠨ ᠡᠴᠦᠰ ᠤᠨ | ᠪᠦᠲᠦᠭᠡᠭᠳᠡᠬᠦᠨ ︵AGEs︶ ᠡᠭᠦᠰᠦᠨ᠎ᠡ᠂ ᠬᠠᠷᠢᠨ AGEs ᠨᠢ ᠴᠠᠪᠠᠤᠯᠢᠭ ᠤᠭᠤᠷᠠᠭ᠂ ᠬᠠᠷᠢᠮᠠᠬᠠᠶ ᠤᠭᠤᠷᠠᠭ ᠢ ᠰᠢᠬᠢᠷᠵᠢᠭᠦᠯᠵᠦ᠂ ᠠᠷᠠᠰᠤᠨ ᠤ | ᠥᠲᠡᠯᠬᠦ ᠶᠢ ᠲᠦᠷᠭᠡᠳᠬᠡᠨ᠎ᠡ᠃ | ᠰᠢᠬᠢᠷᠯᠢᠭ ᠢᠳᠡᠭᠡᠨ ᠢ ᠬᠡᠲᠦᠷᠬᠡᠶ ᠠᠷᠪᠢᠨ ᠢᠳᠡᠪᠡᠯ ᠰᠢᠳᠦ ᠪᠠ ᠠᠷᠠᠰᠤ ᠶᠢ ᠭᠡᠮᠲᠦᠭᠡᠬᠦ ᠠᠴᠠ ᠭᠠᠳᠠᠨ᠎ᠠ᠂ ᠨᠢᠳᠦᠨ ᠤ ᠡᠷᠡᠭᠦᠯ ᠮᠡᠨᠳᠦ ᠳᠤ ᠴᠦ | ᠰᠦᠷᠳᠡᠭᠦᠯᠦᠯ ᠪᠣᠯᠳᠠᠭ᠃ | ᠵᠠᠷᠢᠮ ᠰᠤᠳᠤᠯᠭᠠᠨ ᠠᠴᠠ ᠦᠵᠡᠪᠡᠯ᠂ ᠰᠢᠬᠢᠷ ᠶᠡᠬᠡᠲᠡᠶ ᠢᠳᠡᠭᠡᠨ ᠤᠮᠳᠠᠭᠠᠨ ᠨᠢ ᠣᠶᠢᠷ᠎ᠠ ᠬᠠᠷᠠᠭ᠎ᠠ ᠶᠢᠨ ᠲᠦᠭᠰᠢᠭᠦᠷᠢ ᠶᠢ ᠨᠡᠮᠡᠭᠳᠡᠭᠦᠯᠦᠨ᠎ᠡ᠃ | ᠤᠴᠢᠷ ᠨᠢ ᠤᠷᠲᠤ ᠬᠤᠭᠤᠴᠠᠭ᠎ᠠ ᠪᠠᠷ ᠥᠨᠳᠥᠷ ᠰᠢᠬᠢᠷ ᠢ ᠰᠢᠩᠭᠡᠭᠡᠨ ᠠᠪᠬᠤ ᠨᠢ ᠪᠡᠶ᠎ᠡ ᠶᠢᠨ ᠳᠣᠲᠣᠷᠠᠬᠢ ᠴᠢᠰᠤᠨ ᠰᠢᠬᠢᠷ᠂ ᠨᠦᠢᠷ ᠤᠨ ᠠᠷᠠᠯ ᠤᠨ ᠡᠳ᠋᠂ | ᠨᠦᠢᠷ ᠤᠨ ᠥᠨᠳᠥᠷ ᠴᠢᠰᠤᠨ ᠰᠢᠬᠢᠷ ᠤᠨ ᠡᠳ᠋ ᠤᠨ ᠬᠡᠮᠵᠢᠶ᠎ᠡ ᠶᠢ ᠰᠢᠭᠤᠳ ᠨᠥᠯᠥᠭᠡᠯᠡᠬᠦ ᠶᠢᠨ ᠤᠯᠠᠮ ᠠᠴᠠ ᠣᠯᠠᠨ ᠡᠰᠢᠲᠦ ᠠᠯᠺᠣᠣᠯ ᠤᠨ ᠵᠠᠮ᠂ | ᠨᠦᠢᠷ ᠤᠨ ᠥᠨᠳᠥᠷ ᠴᠢᠰᠤᠨ ᠰᠢᠬᠢᠷ ᠤᠨ ᠡᠳ᠋ ᠤᠨ ᠳᠣᠬᠢᠶᠠᠨ ᠤ ᠵᠠᠮ ᠪᠠ ᠨᠦᠢᠷ ᠤᠨ ᠠᠷᠠᠯ ᠤᠨ ᠡᠳ᠋ ᠤᠨ ᠳᠣᠬᠢᠶᠠᠨ ᠤ ᠵᠠᠮ ᠢ ᠨᠥᠯᠥᠭᠡᠯᠡᠨ᠎ᠡ᠃ ᠪᠠᠰᠠ | ᠪᠡᠶ᠎ᠡ ᠶᠢᠨ ᠲᠣᠲᠣᠷᠠᠬᠢ ᠴᠢᠰᠤᠨ ᠰᠢᠬᠢᠷ ᠤᠨ ᠲᠦᠪᠰᠢᠨ ᠢ ᠳᠡᠭᠡᠭᠰᠢᠯᠡᠭᠦᠯᠵᠦ᠂ ᠪᠣᠯᠣᠷᠯᠢᠭ ᠪᠡᠶ᠎ᠡ ᠶᠢᠨ ᠣᠯᠠᠨ ᠡᠰᠢᠲᠦ ᠠᠯᠺᠣᠣᠯ ᠢ ᠢᠳᠡᠪᠬᠢᠵᠢᠭᠦᠯᠬᠦ ᠪᠠᠷ | ᠳᠠᠮᠵᠢᠨ ᠬᠦᠮᠦᠰ ᠢ ᠭᠡᠷᠡᠯ ᠤᠨ ᠨᠤᠭᠤᠷᠠᠯᠲᠠ ᠶᠢᠨ ᠴᠢᠨᠠᠷᠲᠠᠶ ᠣᠶᠢᠷ᠎ᠠ ᠬᠠᠷᠠᠭ᠎ᠠ ᠳᠤ ᠨᠡᠷᠪᠡᠭᠳᠡᠭᠦᠯᠵᠦ ᠮᠡᠳᠡᠨ᠎ᠡ᠃ | ᠶᠡᠷᠦᠩᠬᠡᠶᠢᠯᠡᠪᠡᠯ᠂ ᠰᠢᠬᠢᠷ ᠥᠨᠳᠥᠷ ᠢᠳᠡᠭᠡᠨ ᠤᠮᠳᠠᠭᠠᠨ ᠨᠢ ᠬᠥᠮᠦᠨ ᠤ ᠪᠡᠶ᠎ᠡ ᠳᠤ ᠠᠯᠢ ᠣᠯᠠᠨ ᠬᠤᠪᠢᠷᠠᠯᠲᠠ ᠶᠢ ᠡᠭᠦᠰᠭᠡᠵᠦ᠂ ᠣᠶᠢᠷ᠎ᠠ | ᠬᠠᠷᠠᠭ᠎ᠠ ᠶᠢᠨ ᠡᠭᠦᠰᠬᠦ ᠲᠣᠬᠢᠶᠠᠯᠳᠤᠮᠵᠢ ᠶᠢ ᠨᠡᠮᠡᠭᠳᠡᠭᠦᠯᠳᠡᠭ᠃ | ᠡᠭᠦᠨ ᠠᠴᠠ ᠭᠠᠳᠠᠨ᠎ᠠ᠂ ᠵᠠᠯᠠᠭᠤ ᠪᠠᠭᠠᠴᠤᠳ ᠤᠨ ᠣᠶᠢᠷ᠎ᠠ ᠬᠠᠷᠠᠭ᠎ᠠ ᠪᠠ ᠠᠮᠢᠳᠤᠷᠠᠯ ᠤᠨ ᠢᠳᠡᠭᠡᠨ ᠤᠮᠳᠠᠭᠠᠨ ᠤ ᠳᠠᠳᠬᠠᠯ ᠤᠨ ᠲᠤᠬᠠᠶ | ᠪᠠᠶᠢᠴᠠᠭᠠᠯᠲᠠ ᠶᠢᠨ ᠳ᠋ᠦᠩ ᠠᠴᠠ ᠦᠵᠡᠪᠡᠯ᠄ ᠦᠷᠭᠦᠯᠵᠢ ᠰᠢᠬᠢᠷᠯᠢᠭ ᠢᠳᠡᠭᠡᠨ ᠢᠳᠡᠳᠡᠭ ᠵᠠᠯᠠᠭᠤᠴᠤᠳ ᠪᠠᠭᠠᠴᠤᠳ ᠤᠨ ᠬᠠᠷᠠᠭᠠᠨ ᠤ ᠬᠡᠪ ᠤᠨ | ᠪᠤᠰᠤ ᠶᠢᠨ ᠨᠣᠷᠮ᠎ᠠ ᠨᠢ 78.49% ᠳᠤ ᠬᠦᠷᠴᠦ᠂ ᠬᠠᠷᠢᠨ ᠰᠢᠬᠢᠷᠯᠢᠭ ᠢᠳᠡᠭᠡᠨ ᠢᠳᠡᠳᠡᠭ ᠥᠬᠡᠶ ᠵᠠᠯᠠᠭᠤᠴᠤᠳ ᠪᠠᠭᠠᠴᠤᠳ ᠤᠨ ᠬᠠᠷᠠᠭᠠᠨ ᠤ | ᠬᠡᠪ ᠤᠨ ᠪᠤᠰᠤ ᠶᠢᠨ ᠨᠣᠷᠮ᠎ᠠ ᠨᠢ 57.95% ᠪᠠᠶᠢᠳᠠᠭ᠃ | ᠡᠨᠡ ᠨᠢ ᠰᠢᠬᠢᠷᠯᠢᠭ ᠢᠳᠡᠭᠡᠨ ᠢ ᠬᠡᠲᠦᠷᠬᠡᠶ ᠠᠷᠪᠢᠨ ᠢᠳᠡᠪᠡᠯ ᠴᠢᠰᠤᠨ ᠴᠠᠶᠢᠪᠠᠩ ᠳᠠᠬᠢ ᠸᠢᠲ᠋ᠠᠮᠢᠨ D ᠶᠢᠨ ᠠᠭᠤᠯᠤᠭᠳᠠᠴᠠ ᠶᠢ | ᠪᠠᠭᠤᠷᠠᠭᠤᠯᠤᠭᠰᠠᠨ ᠠᠴᠠ ᠪᠣᠯᠤᠭᠰᠠᠨ ᠪᠠᠶᠢᠵᠤ ᠮᠡᠳᠡᠨ᠎ᠡ᠂ ᠪᠠᠰᠠ ᠰᠢᠬᠢᠷᠯᠢᠭ ᠢᠳᠡᠭᠡᠨ ᠢ ᠰᠢᠩᠭᠡᠭᠡᠬᠦ ᠶᠠᠪᠤᠴᠠ ᠳᠤ ᠶᠡᠭᠡ ᠬᠡᠮᠵᠢᠶᠡᠨ ᠤ ᠸᠢᠲ᠋ᠠᠮᠢᠨ B1 | ᠵᠠᠷᠤᠴᠠᠭᠤᠯᠤᠭᠰᠠᠨ ᠠᠴᠠ ᠶᠡᠭᠡ ᠬᠡᠮᠵᠢᠶᠡᠨ ᠤ ᠬᠦᠴᠢᠯᠯᠢᠭ ᠪᠣᠳᠠᠰ ᠢ ᠡᠭᠦᠰᠭᠡᠵᠦ ᠴᠢᠰᠤᠨ ᠤ ᠺᠠᠯᠼ ᠢ ᠪᠠᠭᠤᠷᠠᠭᠤᠯᠵᠤ᠂ ᠪᠠᠰᠠ ᠨᠢᠳᠦᠨ ᠤ ᠳᠣᠲᠣᠷᠠᠬᠢ | ᠲᠣᠰᠬᠤᠭᠤᠷ ᠤᠨ ᠤᠰᠤᠨ ᠤ ᠨᠡᠪᠴᠢᠯᠲᠡ ᠶᠢᠨ ᠲᠠᠷᠤᠯᠲᠠ ᠶᠢᠨ ᠬᠤᠪᠢᠷᠠᠯᠲᠠ ᠶᠢ ᠡᠭᠦᠰᠭᠡᠵᠦ᠂ ᠲᠠᠯᠠᠰᠯᠢᠭ ᠪᠡᠶ᠎ᠡ ᠭᠦᠳᠦ᠋ᠢᠵᠦ᠂ ᠬᠠᠷᠠᠭ᠎ᠠ ᠶᠢ | ᠪᠠᠯᠠᠷᠬᠠᠶᠢᠰᠢᠭᠤᠯᠤᠭᠰᠠᠨ ᠠᠴᠠ ᠪᠣᠯᠤᠭᠰᠠᠨ ᠪᠠᠶᠢᠵᠤ ᠮᠡᠳᠡᠨ᠎ᠡ᠃ | ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠢᠭᠠᠯᠲᠠ ︵2022︶︾ ᠶᠢᠨ ᠰᠠᠨᠠᠭᠤᠯᠭ᠎ᠠ ᠶᠢ ᠦᠨᠳᠦᠰᠦᠯᠡᠪᠡᠯ᠂ | ᠬᠥᠮᠦᠨ ᠪᠦᠷᠢ ᠶᠢᠨ ᠡᠳᠦᠷ ᠪᠦᠷᠢ ᠶᠢᠨ ᠢᠳᠡᠬᠦ ᠨᠡᠮᠡᠯᠲᠡ ᠰᠢᠬᠢᠷ ᠤᠨ ᠬᠡᠮᠵᠢᠶ᠎ᠡ ᠬᠠᠮᠤᠭ ᠰᠠᠶᠢᠨ ᠨᠢ 25 ᠭᠷᠠᠮ ᠠᠴᠠ ᠬᠡᠲᠦᠷᠡᠬᠦ ᠦᠬᠡᠢ ᠪᠠᠶᠢᠪᠠᠯ ᠰᠠᠶᠢᠨ᠃ | ᠨᠡᠮᠡᠯᠲᠡ ᠰᠢᠬᠢᠷ ᠭᠡᠳᠡᠭ ᠨᠢ ᠵᠥᠪᠬᠡᠨ ᠴᠠᠭᠠᠨ ᠡᠯᠡᠰᠦᠨ ᠰᠢᠬᠢᠷ᠂ ᠨᠢᠰᠢᠩᠭᠦ ᠶᠢᠨ ᠰᠢᠬᠢᠷ᠂ ᠪᠤᠷᠠᠮ᠂ ᠴᠠᠭᠠᠨ ᠰᠢᠬᠢᠷ᠂ ᠮᠥᠰᠥᠨ ᠰᠢᠬᠢᠷ ᠲᠡᠳᠦᠶ ᠪᠢᠰᠢ᠂ | ᠮᠠᠰᠢ ᠤᠯᠠᠨ ᠢᠳᠡᠭᠡᠨ ᠤ ᠨᠠᠶᠢᠷᠠᠯᠭ᠎ᠠ ᠶᠢᠨ ᠬᠦᠰᠦᠨᠦᠭᠲᠦ ᠳᠤ ᠨᠡᠮᠡᠭᠰᠡᠨ ᠵᠥᠭᠡᠢ ᠶᠢᠨ ᠪᠠᠯ᠂ ᠵᠢᠮᠢᠰ ᠤᠨ ᠰᠢᠬᠢᠷ᠂ ᠵᠢᠮᠢᠰ ᠤᠨ ᠦᠵᠦᠮ ᠤᠨ ᠰᠢᠬᠢᠷ ᠤᠨ | ᠡᠭᠡᠳᠡᠩ᠂ ᠡᠷᠳᠡᠨᠢ ᠰᠢᠰᠢ ᠶᠢᠨ ᠰᠢᠬᠢᠷ ᠤᠨ ᠡᠭᠡᠳᠡᠩ ᠵᠡᠷᠭᠡ ᠨᠢ ᠪᠠᠰᠠ ᠨᠡᠮᠡᠯᠲᠡ ᠰᠢᠬᠢᠷ ᠲᠤ ᠪᠠᠭᠲᠠᠨ᠎ᠠ᠃ | ᠰᠢᠳᠦ᠂ ᠠᠷᠠᠰᠤ᠂ ᠨᠢᠳᠦ ᠶᠢᠨ ︽ᠥᠲᠡᠯᠬᠦ︾ ᠶᠢ ᠤᠳᠠᠭᠠᠨ ᠪᠠᠶᠢᠯᠭᠠᠶ᠎ᠠ ᠭᠡᠵᠦ ᠪᠣᠳᠣᠪᠠᠯ᠂ ᠰᠢᠬᠢᠷ ᠳᠤᠲᠠᠭᠤ ᠢᠳᠡᠭᠡᠷᠡᠢ︕ | |