ᠮᠠᠨ ᠤ ᠤᠯᠤᠰ ᠤᠨ 300 ᠭᠠᠷᠤᠶ ᠲᠡᠷᠢᠭᠦᠨ ᠤ ᠲᠠᠷᠢᠶᠠᠯᠠᠩ ᠤᠨ ᠮᠡᠷᠭᠡᠵᠢᠯ ᠠᠹᠷᠢᠺᠠ ᠲᠢᠪ ᠤᠨ 100 ᠭᠠᠷᠤᠶ ᠲᠦᠮᠡᠨ ᠲᠠᠷᠢᠶᠠᠴᠢᠨ ᠡᠷᠦᠬᠡ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2023/11/16
   ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠰᠠᠶᠢᠳ ᠲᠠᠩ ᠷᠧᠨ ᠵᠢᠶᠠᠨ 14 ᠤ ᠡᠳᠦᠷ ᠰᠠᠨᠶᠠ ᠳᠤ ᠶᠠᠪᠤᠭᠳᠠᠭᠰᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠠᠹᠷᠢᠺᠠ ᠶᠢᠨ ᠬᠥᠳᠡᠭᠡ ᠠᠵᠤ ᠠᠬᠤᠢ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠡᠭᠡᠷ᠎ᠡ᠂ ᠠᠷᠪᠠᠨ ᠵᠢᠯ ᠤᠨ ᠲᠤᠷᠰᠢ ᠂ ᠮᠠᠨ ᠤ ᠤᠯᠤᠰ ᠠᠹᠷᠢᠺᠠ ᠲᠢᠪ ᠲᠤ ᠨᠢᠭᠡᠨᠲᠡ 24 ᠲᠠᠷᠢᠶᠠᠯᠠᠩ ᠤᠨ ᠮᠡᠷᠭᠡᠵᠢᠯ ᠤᠨ ᠵᠢᠱᠢᠶ᠎ᠡ ᠦᠵᠡᠭᠦᠯᠬᠦ ᠲᠥᠪ ᠢ ᠪᠠᠶᠢᠭᠤᠯᠵᠤ᠂ ᠡᠷᠳᠡᠨᠢ ᠰᠢᠰᠢ ᠶᠢ ᠨᠢᠭᠲᠠ ᠲᠠᠷᠢᠬᠤ᠂ ᠢᠳᠡᠰᠢᠨ ᠨᠣᠭᠤᠭ᠎ᠠ ᠶᠢᠨ ᠲᠥᠬᠦᠭᠡᠷᠦᠮᠵᠢ ᠳᠤ ᠲᠠᠷᠢᠬᠤ᠂ ᠮᠣᠳᠣᠨ ᠲᠥᠮᠥᠰᠥ ᠶᠢ ᠲᠦᠷᠭᠡᠨ ᠦᠷᠡᠵᠢᠭᠦᠯᠦᠨ ᠪᠤᠶᠢᠵᠢᠭᠤᠯᠬᠤ ᠵᠡᠷᠭᠡ 300 ᠭᠠᠷᠤᠶ ᠵᠦᠢᠯ ᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠵᠦ᠂ ᠲᠤᠬᠠᠶ ᠶᠢᠨ ᠭᠠᠵᠠᠷ ᠤᠨ ᠲᠠᠷᠢᠮᠠᠯ ᠤᠨ ᠵᠦᠢᠯ ᠤᠨ ᠤᠨᠠᠯᠲᠠ ᠶᠢ ᠳᠤᠮᠳᠠᠴᠢ ᠪᠠᠷ 30% ᠠᠴᠠ 60% ᠪᠠᠷ ᠨᠡᠮᠡᠭᠳᠡᠭᠦᠯᠵᠦ᠂ ᠠᠹᠷᠢᠺᠠ ᠲᠢᠪ ᠤᠨ ᠤᠯᠤᠰ ᠤᠨ 100 ᠭᠠᠷᠤᠶ ᠲᠦᠮᠡᠨ ᠲᠠᠷᠢᠶᠠᠴᠢᠨ ᠡᠷᠦᠬᠡ ᠳᠤ ᠠᠰᠢᠭ ᠬᠦᠷᠲᠡᠭᠡᠵᠠᠢ ᠭᠡᠵᠤ ᠢᠯᠡᠳᠭᠡᠪᠡ᠃    ᠲᠠᠩ ᠷᠧᠨ ᠵᠢᠶᠠᠨ ᠪᠠᠰᠠ᠂ ᠳᠤᠮᠳᠠᠳᠤ ᠠᠹᠷᠢᠺᠠ ᠶᠢᠨ ᠬᠥᠳᠡᠭᠡ ᠠᠵᠤ ᠠᠬᠤᠢ ᠶᠢᠨ ᠬᠠᠮᠲᠤᠷᠠᠯᠴᠠᠭᠠᠨ ᠤ ᠠᠷᠪᠠᠨ ᠵᠢᠯ ᠤᠨ ᠲᠤᠷᠰᠢ᠂ ᠮᠠᠨ ᠤ ᠤᠯᠤᠰ ᠠᠹᠷᠢᠺᠠ ᠲᠢᠪ ᠤᠨ 19 ᠤᠯᠤᠰ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ᠂ ᠠᠹᠷᠢᠺᠠ ᠲᠢᠪ ᠤᠨ ᠪᠣᠬᠢᠷᠲᠤᠯ ᠦᠭᠡᠢ ᠬᠤᠪᠢᠰᠬᠠᠯ ᠤᠨ ᠬᠤᠯᠪᠣᠭ᠎ᠠ ᠲᠠᠢ ᠤᠷᠢᠳ ᠬᠤᠵᠢᠳ 34 ᠬᠤᠪᠢ ᠬᠥᠳᠡᠭᠡ ᠠᠵᠤ ᠠᠬᠤᠢ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠠᠮᠤ ᠪᠤᠳᠠᠭᠠᠨ ᠤ ᠠᠮᠤᠷ ᠲᠦᠪᠰᠢᠨ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ᠂ ᠬᠥᠳᠡᠭᠡ ᠠᠵᠤ ᠠᠬᠤᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠦᠷᠭᠦᠯᠵᠢᠯᠡᠨ ᠶᠠᠷᠢᠯᠴᠠᠭ᠎ᠠ ᠰᠣᠯᠢᠯᠴᠠᠭ᠎ᠠ ᠥᠷᠨᠢᠭᠦᠯᠵᠡᠢ᠃ ᠡᠭᠦᠨ ᠠᠴᠠ ᠭᠠᠳᠠᠨ᠎ᠠ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ᠠᠹᠷᠢᠺᠠ ᠲᠢᠪ ᠲᠤ 400 ᠭᠠᠷᠤᠢ ᠬᠥᠮᠦᠨ ᠤᠳᠠᠭ᠎ᠠ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠢ ᠲᠣᠮᠢᠯᠠᠭᠰᠠᠨ ᠪᠥᠭᠡᠳ ᠠᠹᠷᠢᠺᠠ ᠲᠢᠪ ᠤᠨ ᠲᠠᠯ᠎ᠠ ᠳᠤ ᠬᠠᠮᠢᠶᠠᠷᠤᠯᠳᠠ ᠵᠢᠴᠢ ᠮᠡᠷᠭᠡᠵᠢᠯ ᠤᠨ ᠠᠵᠢᠯᠳᠠᠨ ᠢ ᠨᠡᠶᠢᠳᠡ 1 ᠲᠦᠮᠡᠨ ᠬᠥᠮᠦᠨ ᠤᠳᠠᠭ᠎ᠠ ᠪᠤᠯᠪᠠᠰᠤᠷᠠᠭᠤᠯᠵᠠᠢ ᠭᠡᠵᠤ ᠢᠯᠡᠳᠭᠡᠪᠡ᠃    ᠣᠶᠢᠯᠠᠭᠠᠭᠰᠠᠨ ᠢᠶᠠᠷ᠂ ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠳᠡᠮᠵᠢᠬᠦ ᠶᠢᠨ ᠲᠥᠯᠥᠭᠡ᠂ ᠮᠠᠨ ᠤ ᠤᠯᠤᠰ ᠠᠹᠷᠢᠺᠠ ᠲᠢᠪ ᠤᠨ ᠠᠮᠤ ᠪᠤᠳᠠᠭᠠᠨ ᠤ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠵᠦ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠶᠠᠳᠠᠭᠤ ᠬᠦ᠋ᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠲᠠᠷᠢᠶᠠᠴᠢᠳ ᠲᠤ ᠠᠰᠢᠭ ᠬᠦᠷᠲᠡᠭᠡᠬᠦ  ᠵᠢᠱᠢᠶ᠎ᠠ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠦᠨ᠎ᠡ᠃ ᠲᠠᠩ ᠷᠧᠨ ᠵᠢᠶᠠᠨ᠂ ᠮᠠᠨ ᠤ ᠤᠯᠤᠰ ᠵᠠᠯᠭᠠᠭᠠᠳ ᠠᠹᠷᠢᠺᠠ ᠲᠢᠪ ᠤᠨ ᠤᠯᠤᠰ ᠤᠳ ᠢ ᠬᠠᠪᠰᠤᠷᠤᠨ ᠰᠠᠶᠢᠨ ᠡᠭᠦᠯᠳᠡᠷ ᠰᠠᠶᠢᠨ ᠠᠷᠭ᠎ᠠ ᠶᠢ ᠳᠡᠯᠭᠡᠷᠡᠭᠦᠯᠵᠦ ᠂ ᠮᠧᠬᠠᠨᠢᠭᠵᠢᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠲᠦᠷᠭᠡᠨ ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠤ ᠵᠡᠷᠭᠡ ᠪᠠᠷ᠂ ᠳᠤᠮᠳᠠᠳᠤ ᠠᠹᠷᠢᠺᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠶᠢ ᠲᠦᠷᠭᠡᠳᠭᠡᠨ᠎ᠡ᠃ ᠡᠭᠦᠨ ᠠᠴᠠ ᠭᠠᠳᠠᠨ᠎ᠠ᠂ ᠮᠠᠨ ᠤ ᠤᠯᠤᠰ ᠪᠠᠰᠠ ᠠᠹᠷᠢᠺᠠ ᠲᠢᠪ ᠲᠤ ᠨᠠᠩ ᠣᠯᠠᠨ ᠲᠠᠷᠢᠶᠠᠯᠠᠩ ᠤᠨ ᠲᠤᠰᠬᠠᠶ ᠮᠡᠷᠭᠡᠵᠢᠯᠲᠡᠨ ᠲᠣᠮᠢᠯᠠᠵᠤ᠂ ᠠᠹᠷᠢᠺᠠ ᠲᠢᠪ ᠤᠨ ᠤᠯᠤᠰ ᠤᠳ ᠤᠨ ︽ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠪᠣᠬᠢᠷᠲᠤᠯ ᠥᠬᠡᠶ ᠬᠥᠭᠵᠢᠯᠲᠡ ᠶᠢᠨ ᠪᠥᠬᠦ ᠪᠥᠮᠪᠥᠷᠴᠡᠭ ᠤᠨ ᠠᠵᠢᠯᠯᠠᠭ᠎ᠠ︾ ᠶᠢ ᠬᠡᠷᠡᠭᠵᠢᠭᠦᠯᠬᠦ ᠶᠢ ᠳᠡᠮᠵᠢᠵᠦ᠂ ᠨᠠᠩ ᠣᠯᠠᠨ ᠲᠠᠷᠢᠶᠠᠴᠢᠳ ᠢ ᠳᠠᠶᠢᠴᠢᠯᠠᠨ ᠶᠠᠳᠠᠭᠤ ᠬᠦ᠋ᠴᠢᠷᠳᠡᠯᠳᠠᠢ ᠬᠦᠮᠦᠨ ᠠᠮᠠ ᠶᠢ ᠴᠦᠭᠡᠳᠭᠡᠵᠤ ᠣᠷᠣᠯᠭ᠎ᠠ ᠶᠢ ᠨᠢ ᠨᠡᠮᠡᠭᠳᠡᠭᠦᠯᠦᠨ᠎ᠡ ᠭᠡᠵᠤ ᠬᠡᠯᠡᠪᠡ᠃   ︵ᠰᠢᠨᠬᠤᠸᠠ ᠬᠤᠷᠢᠶ᠎ᠠ ᠶᠢᠨ ᠰᠠᠨᠶᠠ ᠶᠢᠨ 11 ᠰᠠᠷ᠎ᠠ ᠶᠢᠨ 14 ᠤ ᠴᠠᠬᠢᠯᠭᠠᠨ ᠮᠡᠳᠡᠭ᠊‍ᠡ᠋︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ