ᠮᠠᠨ ᠤ ᠤᠷᠤᠨ 3000 ᠰᠢᠬᠠᠮ ᠬᠡᠮᠵᠢᠭᠦᠷᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠬᠦᠯᠪᠡ
ᠨᠡᠶᠢᠲᠡᠯᠡᠭᠰᠡᠨ ᠴᠠᠭ᠄
2023/11/16
    ᠤᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠬᠦᠭᠡᠷᠦᠮᠵᠢ ᠬᠢᠭᠡᠳ ᠬᠡᠮᠵᠢᠭᠦᠷᠯᠢᠭ ᠢ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ ᠢ ︽ᠮᠧᠩ ᠺᠧ ᠵᠢᠦᠢ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠲᠤᠤᠷ︾  ᠲᠤ ᠭᠠᠷᠭᠠᠪᠠ᠃ ᠲᠣᠰ ᠦᠢᠯᠡᠴᠢᠯᠡᠭᠡᠨ ᠤ ᠲᠠᠪᠴᠠᠩ ᠨᠢ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠳᠤ ᠠᠰᠢᠭᠲᠠᠢ ᠪᠠᠶᠢᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠦᠭᠦᠭᠡᠷᠦᠮᠵᠢ ᠪᠠ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠢ ᠨᠡᠶᠢᠭᠡᠮ ᠳᠤ ᠬᠠᠨᠳᠤᠭᠤᠯᠤᠨ ᠴᠢᠯᠦᠭᠡᠲᠡᠢ ᠨᠡᠭᠡᠭᠡᠵᠦ ᠬᠠᠮᠲᠤ ᠪᠠᠷ ᠡᠳ᠋ᠯᠡᠬᠦ ᠶᠢ ᠠᠬᠢᠭᠤᠯᠤᠭᠰᠠᠨ ᠪᠠᠶᠢᠨ᠎ᠠ᠃   ᠤᠶᠢᠯᠠᠭᠠᠭᠰᠠᠨ ᠢᠶᠠᠷ᠂ ᠦᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠦᠭᠦᠭᠡᠷᠦᠮᠵᠢ ᠪᠠ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠬᠡᠷᠡᠭᠰᠡᠯ ᠢ ᠴᠢᠯᠥᠭᠡᠲᠡᠶ ᠨᠡᠭᠡᠭᠡᠵᠦ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ ᠢ ᠡᠨᠡ ᠵᠢᠯ ᠤᠨ 3 ᠰᠠᠷ᠎ᠠ ᠶᠢᠨ ᠰᠡᠭᠦᠯᠴᠢ ᠪᠠᠷ ᠲᠠᠰ ᠳᠡᠪᠰᠢᠭᠦᠯᠦᠭᠰᠡᠨ ᠤ ᠳᠠᠷᠠᠭ᠎ᠠ ᠠᠰᠢᠭᠯᠠᠯᠲᠠ ᠳᠤ ᠣᠷᠣᠭᠤᠯᠪᠠ᠃ ᠣᠲᠣ ᠪᠣᠯᠲᠠᠯ᠎ᠠ᠂ ᠲᠠᠪᠴᠠᠩ ᠳᠤ 2929 ᠰᠠᠭᠤᠷᠢ ︵ᠢᠵᠢ︶ ᠬᠡᠮᠵᠢᠭᠦᠷᠯᠢᠭ ᠢ ᠤᠷᠤᠭᠤᠯᠤᠨ ᠬᠠᠮᠢᠶᠠᠷᠴᠤ᠂ ᠪᠠᠭᠠᠵᠢ ᠬᠡᠷᠡᠭᠰᠡᠯ ᠤᠨ ᠥᠷᠲᠡᠭ ᠨᠢ ᠨᠡᠶᠢᠲᠡ 26.66 ᠳ᠋ᠦᠩᠰᠢᠭᠤᠷ ᠲᠥᠭᠦᠷᠢᠭ  ᠲᠤ ᠬᠦᠷᠴᠦ᠂ ᠨᠢᠭᠡ ᠪᠦᠯᠦᠭ ᠨᠡᠶᠢᠳᠡᠮ ᠬᠡᠷᠡᠭᠯᠡᠬᠦ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ ᠶᠢ ᠪᠠᠭᠲᠠᠭᠠᠵᠤ᠂ ᠲᠤᠭ᠎ᠠ ᠪᠠᠷᠢᠮᠲᠠ ᠶᠢ ᠵᠣᠯᠭᠠᠭᠤᠯᠬᠤ ᠪᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃   ᠲᠠᠪᠴᠠᠩ ᠨᠢ ᠬᠥᠷᠥᠰᠥᠨ ᠤ ᠰᠢᠮ᠎ᠡ ᠲᠡᠵᠢᠭᠡᠯ ᠤᠨ ᠡᠯᠧᠮᠧᠨ᠋ᠲ ᠤᠨ ᠠᠭᠤᠯᠤᠭᠳᠠᠴᠠ ᠶᠢᠨ ᠵᠠᠳᠠᠯᠤᠯᠲᠠ᠂ ᠪᠣᠷᠳᠣᠭᠠᠨ ᠤ ᠪᠦᠷᠢᠯᠳᠦᠬᠦᠨ ᠵᠢᠴᠢ ᠰᠢᠮ᠎ᠡ ᠲᠡᠵᠢᠭᠡᠯ ᠤᠨ ᠵᠠᠳᠠᠯᠤᠯᠲᠠ᠂ ᠨᠡᠭᠦᠷᠡᠰᠦᠨ ᠤ ᠶᠠᠰᠤ ᠴᠢᠨᠠᠷ ᠤᠨ ᠪᠠᠶᠢᠴᠠᠭᠠᠯᠲᠠ᠂ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠵᠠᠳᠠᠯᠤᠯᠲᠠ ᠂ ᠢᠳᠡᠭᠡᠨ ᠤ ᠶᠠᠰᠤ ᠴᠢᠨᠠᠷ ᠤᠨ ᠵᠠᠳᠠᠯᠤᠯᠲᠠ᠂ ᠴᠢᠯᠠᠭᠤᠯᠢᠭ ᠠᠭᠤᠷᠬᠠᠶ ᠶᠢᠨ ᠰᠢᠯᠭᠠᠨ ᠲᠣᠭᠲᠠᠭᠠᠯᠲᠠ ᠶᠢᠨ ᠬᠦᠷᠢᠶ᠎ᠡ ᠴᠠᠷᠠᠭ᠎ᠠ ᠵᠡᠷᠭᠡ ᠣᠯᠠᠨ ᠵᠦᠢᠯ ᠤᠨ ᠲᠤᠰᠬᠠᠶ ᠰᠡᠳᠦᠪᠲᠦ ᠦᠢᠯᠡᠴᠢᠯᠡᠭᠡ ᠦᠷᠨᠢᠭᠦᠯᠵᠦ᠂ ᠴᠢᠳᠠᠪᠬᠢ ᠨᠢ ᠪᠦᠷᠢᠨ ᠪᠦᠲᠦᠨ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ᠂ ᠰᠠᠶᠢᠨ ᠡᠷᠭᠢᠯᠳᠡᠲᠦ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠲᠦᠭᠦᠭᠡᠷᠦᠮᠵᠢ ᠬᠡᠮᠵᠢᠭᠦᠷᠯᠢᠭ ᠢ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠭᠰᠠᠨ ᠪᠠᠶᠢᠨ᠎ᠠ᠃ ᠣᠳᠣᠬᠠᠨ ᠳᠤ ᠨᠡᠶᠢᠲᠡ 79 ᠬᠠᠮᠢᠶᠠᠷᠤᠯᠲᠠ ᠶᠢᠨ ᠨᠢᠭᠡᠴᠢ ᠲᠣᠰ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ ᠳᠤ ᠣᠷᠣᠵᠤ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠨᠢ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠡᠷᠡᠭᠴᠡᠭᠡ ᠱᠠᠭᠠᠷᠳᠠᠯᠭ᠎ᠠ ᠪᠠᠨ ᠨᠡᠶᠢᠲᠡᠯᠡᠵᠦ᠂ ᠤᠷᠢᠳᠴᠢᠯᠠᠨ ᠪᠣᠯᠵᠤᠬᠤ ᠪᠠᠷ ᠳᠠᠮᠵᠢᠨ ᠠᠶᠢᠮᠠᠭ ᠬᠤᠲᠠ᠂ ᠬᠦᠷᠢᠶ᠎ᠡ ᠴᠠᠷᠠᠭ᠎ᠠ᠂ ᠰᠠᠯᠠᠭ᠎ᠠ ᠮᠥᠴᠢᠷ ᠠᠯᠤᠰᠯᠠᠭᠰᠠᠨ᠂ ᠣᠯᠠᠨ ᠲᠠᠰ ᠳᠠᠪᠬᠤᠷᠭ᠎ᠠ ᠶᠢᠨ ᠣᠨᠴᠠᠯᠢᠭᠲᠤ ᠦᠢᠯᠡᠴᠢᠯᠡᠭᠡ ᠭᠥᠷᠳᠡᠵᠦ ᠪᠣᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ