ᠬᠠᠲᠤᠨ ᠭᠤᠤᠯ 2023 ᠠᠴᠠ 2024 ᠣᠨ ᠤ ᠰᠦᠩ ᠬᠠᠯᠢᠶ᠎ᠠ ᠶᠢᠨ ᠬᠤᠭᠤᠴᠠᠭᠠᠨ ᠳᠤ ᠣᠷᠣᠵᠠᠢ
ᠨᠡᠶᠢᠲᠡᠯᠡᠭᠰᠡᠨ ᠴᠠᠭ᠄
2023/11/16
   ᠤᠰᠤᠨ ᠠᠰᠢᠭᠯᠠᠯᠲᠠ ᠶᠢᠨ ᠶᠠᠮᠤᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠵᠤᠷᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠬᠦᠢᠲᠡᠨ ᠠᠭᠠᠷ ᠤᠨ ᠨᠥᠯᠥᠭᠡᠯᠡᠯ ᠢᠶᠠᠷ᠂ 14 ᠤ ᠡᠳᠦᠷ ᠤᠨ ᠦᠳᠡ ᠶᠢᠨ ᠡᠮᠦᠨᠡᠬᠢ 8 ᠴᠠᠭ ᠲᠤ᠂ ᠬᠠᠲᠤᠨ ᠭᠤᠤᠯ ᠤᠨ ᠥᠪᠥᠷ ᠮᠣᠩᠭᠤᠯ ᠤᠨ ᠳᠧᠦ ᠳ᠋ᠤᠤ ᠭᠤᠸᠠᠶ ᠾᠧ ᠭᠤᠤᠯ ᠤᠨ ᠬᠡᠰᠡᠭ ᠲᠤ ᠰᠥᠩ ᠬᠠᠯᠢᠶ᠎ᠠ ᠢᠯᠡᠷᠡᠵᠤ᠂ ᠡᠨᠡ ᠨᠢ ᠬᠠᠲᠤᠨ ᠭᠤᠤᠯ ᠤᠨ ᠲᠣᠰ ᠡᠳᠦᠷ ᠠᠴᠠ ᠡᠬᠢᠯᠡᠨ 2023 ᠠᠴᠠ 2024 ᠣᠨ ᠤ ᠰᠦᠩ ᠬᠠᠯᠢᠶ᠎ᠠ ᠶᠢᠨ ᠬᠤᠭᠤᠴᠠᠭᠠᠨ ᠳᠤ ᠤᠷᠤᠭᠰᠠᠨ ᠢ ᠬᠠᠷᠠᠭᠤᠯ᠊ ‍ᠵᠤ ᠪᠠᠶᠢᠨ᠎ᠠ᠃   ᠰᠦᠩ ᠬᠠᠯᠢᠶ᠎ᠠ ᠪᠤᠯ ᠬᠠᠲᠤᠨ ᠭᠤᠣᠯ ᠳᠤ ᠣᠨᠴᠠ ᠪᠠᠶᠢᠳᠠᠭ ᠦᠶᠡᠷ ᠤᠨ ᠪᠠᠶᠢᠳᠠᠯ ᠪᠣᠯᠤᠨ᠎ᠠ᠂ ᠬᠠᠲᠤᠨ ᠭᠤᠣᠯ ᠤᠨ ᠬᠡᠰᠡᠭ ᠭᠤᠣᠯ ᠤᠨ ᠬᠡᠰᠡᠭ ᠨᠢ ᠳᠣᠣᠷ᠎ᠠ ᠥᠷᠭᠡᠷᠢᠭ ᠠᠴᠠ ᠥᠨᠳᠥᠷ ᠥᠷᠭᠡᠷᠢᠭ ᠤᠨ ᠣᠷᠣᠨ ᠳᠤ ᠤᠷᠤᠰᠤᠨ ᠣᠷᠣᠵᠤ᠂ ᠵᠢᠯ ᠪᠦᠷᠢ ᠬᠥᠯᠳᠡᠵᠦ᠂ ᠭᠤᠣᠯ ᠭᠡᠰᠬᠦ ᠴᠠᠭ ᠤᠨ ᠵᠥᠷᠢᠶ᠎ᠡ ᠣᠷᠣᠰᠢᠵᠤ᠂ ᠡᠪᠦᠯ ᠬᠠᠪᠤᠷ ᠤᠨ ᠦᠶ᠎ᠡ ᠳᠤ ᠠᠮᠠᠷᠬᠠᠨ ᠦᠶᠡᠷ ᠤᠨ ᠪᠠᠶᠢᠳᠠᠯ ᠭᠠᠷᠳᠠᠭ ᠪᠠᠶᠢᠨ᠎ᠠ᠃ ᠡᠨᠡ ᠵᠢᠯ ᠤᠨ ᠬᠠᠲᠤᠨ ᠭᠤᠤᠯ ᠤᠨ ᠰᠦᠩ ᠬᠠᠯᠢᠶ᠎ᠠ ᠪᠣᠯ ᠡᠩ ᠤᠨ ᠵᠢᠯ ᠤᠨ ᠬᠢ ᠠᠴᠠ 6 ᠡᠳᠦᠷ ᠡᠷᠲᠡ ᠪᠠᠶᠢᠵᠤ᠂ 2001 ᠣᠨ ᠠᠴᠠ ᠨᠠᠭᠠᠰᠢᠬᠢ ᠬᠠᠮᠤᠭ ᠤᠨ ᠡᠷᠳᠡ ᠢᠯᠡᠷᠡᠪᠡ᠃   ᠣᠳᠣᠬᠠᠨ ᠳᠤ᠂ ᠤᠰᠤᠨ ᠠᠰᠢᠭᠯᠠᠯᠲᠠ ᠶᠢᠨ ᠶᠠᠮᠤᠨ ᠪᠣᠯᠤᠨ ᠵᠠᠮ ᠳᠠᠭᠠᠣ ᠶᠢᠨ ᠡᠯ᠎ᠡ ᠲᠠᠯ᠎ᠠ ᠶᠢᠨ ᠬᠢᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯᠯᠠᠭᠠᠨ ᠤ ᠲᠣᠭᠲᠠᠴᠠ ᠶᠢ ᠨᠢᠭᠡᠨᠲᠡ ᠡᠬᠢᠯᠡᠨ ᠬᠡᠷᠡᠭᠵᠢᠭᠦᠯᠵᠦ᠂ ᠭᠤᠤᠯ ᠤᠨ ᠤᠷᠤᠰᠬᠠᠯ ᠤᠨ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠴᠠᠭᠳᠠᠨ ᠰᠡᠷᠭᠡᠶᠢᠯᠡᠬᠦ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠰᠥᠩ ᠬᠠᠯᠢᠶ᠎ᠠ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠠᠩᠬᠠᠷᠴᠤ᠂ ᠤᠰᠤᠨ ᠴᠥᠭᠦᠷᠥᠮ ᠤᠨ ᠲᠤᠬᠠᠶ ᠶᠢᠨ ᠴᠠᠭ ᠤᠨ ᠲᠣᠬᠢᠷᠠᠭᠤᠯᠤᠯᠲᠠ ᠶᠢᠨ ᠲᠥᠰᠦᠯ ᠢ ᠰᠢᠯᠢᠳᠡᠭᠵᠢᠭᠦᠯᠵᠦ᠂ ᠭᠤᠤᠯᠯᠠᠭᠴᠢ ᠤᠰᠤᠨ ᠴᠥᠭᠦᠷᠥᠮ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠭᠤᠤᠯ ᠤᠨ ᠵᠠᠮ ᠤᠨ ᠰᠠᠭᠠᠳ ᠲᠣᠳᠬᠠᠷ ᠢ ᠰᠠᠶᠢᠲᠤᠷ ᠠᠷᠢᠯᠭᠠᠵᠤ᠂ ᠢᠨᠵᠧᠨᠧᠷᠢᠩ ᠤᠨ ᠲᠣᠭᠤᠷᠢᠨ ᠪᠠᠶᠢᠴᠠᠭᠠᠯᠲᠠ ᠪᠠ ᠬᠠᠮᠢᠶᠠᠷᠤᠯᠲᠠ ᠶᠢ ᠴᠢᠩᠭᠠᠳᠬᠠᠨ᠂ ᠬᠠᠲᠤᠨ ᠭᠤᠤᠯ ᠤᠨ ᠰᠥᠩ ᠬᠠᠯᠢᠶ᠎ᠠ ᠶᠢᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ ᠪᠤᠢ᠃   ︵ᠰᠢᠨᠬᠤᠸᠠ ᠬᠤᠷᠢᠶ᠎ᠠ ᠶᠢᠨ ᠬᠥᠬᠡᠬᠤᠲᠠ ᠶᠢᠨ 11 ᠰᠠᠷ᠎ᠠ ᠶᠢᠨ 14 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ