855 ᠳ᠋ᠦᠩᠰᠢᠭᠤᠷ ᠲᠥᠭᠦᠷᠢᠭ ᠳᠤᠬᠢᠷᠠᠭᠤᠯᠵᠤ ᠪᠠᠭᠰᠢ ᠨᠠᠷ ᠤᠨ ᠬᠥᠳᠡᠭᠡ ᠲᠣᠰᠬᠤᠨ ᠳᠤ ᠦᠨᠳᠦᠰᠦᠯᠡᠵᠦ ᠦᠨᠳᠦᠰᠦᠨ ᠱᠠᠲᠤᠨ ᠳᠤ ᠦᠢᠯᠡᠴᠢᠯᠡᠭᠦ ᠶᠢ ᠬᠦᠲᠦᠯᠦᠨ ᠵᠢᠯᠤᠭᠤᠳᠪᠠ
ᠨᠡᠶᠢᠲᠡᠯᠡᠭᠰᠡᠨ ᠴᠠᠭ᠄
2023/11/16
    ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠢᠢᠯᠠᠭᠠᠭᠰᠠᠨ ᠢᠶᠠᠷ᠂ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ ᠶᠢ ᠳᠡᠮᠵᠢᠬᠦ ᠶᠢᠨ ᠲᠥᠯᠥᠭᠡ᠂ 2018 ᠣᠨ ᠠᠴᠠ 2023 ᠣᠨ ᠪᠣᠯᠲᠠᠯ᠎ᠠ᠂ ᠲᠥᠪ ᠤᠨ ᠡᠳ᠋ ᠤᠨ ᠵᠠᠰᠠᠭ ᠠᠴᠠ ᠨᠡᠶᠢᠲᠡ 855 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠬᠤᠯᠪᠣᠭᠳᠠᠯ ᠪᠥᠬᠦᠶ ᠲᠥᠯᠥᠪᠯᠡᠭᠡ ᠪᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠦᠷᠭᠦᠯᠵᠢᠯᠡᠨ ᠳᠡᠮᠵᠢᠵᠦ᠂ ᠪᠠᠭᠰᠢ ᠶᠢᠨ ᠬᠥᠳᠡᠭᠡ ᠲᠣᠰᠬᠤᠨ ᠳᠤ ᠦᠨᠳᠦᠰᠦᠯᠡᠵᠦ ᠦᠨᠳᠦᠰᠦᠨ ᠱᠠᠲᠤᠨ ᠳᠤ ᠦᠢᠯᠡᠴᠢᠯᠡᠬᠦ ᠶᠢ ᠬᠥᠲᠥᠯᠥᠨ ᠵᠢᠯᠣᠭᠤᠳᠪᠠ᠃   ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ᠶᠢ ᠬᠡᠷᠡᠭᠵᠢᠭᠦᠯᠬᠦ ᠶᠢ ᠲᠡᠮᠵᠢᠪᠠ᠃ 2018 ᠣᠨ ᠠᠴᠠ 2023 ᠣᠨ ᠪᠣᠯᠲᠠᠯ᠎ᠠ᠂ ᠲᠥᠪ ᠤᠨ ᠡᠳ᠋ ᠤᠨ ᠵᠠᠰᠠᠭ ᠠᠴᠠ ᠨᠡᠶᠢᠲᠡ 533 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠳᠤ ᠴᠠᠯᠢᠩ ᠤᠨ ᠴᠢᠨᠠᠷᠲᠠᠶ ᠨᠥᠬᠦᠪᠥᠷᠢ ᠥᠭᠴᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠤᠮᠳᠠ ᠪᠠᠷᠠᠭᠤᠨ ᠤᠷᠤᠨ ᠤ ᠬᠥᠳᠡᠭᠡ ᠲᠣᠰᠬᠤᠨ ᠤ ᠰᠤᠷᠭᠠᠭᠤᠯᠢ ᠳᠤ ᠣᠴᠢᠵᠤ ᠪᠠᠭᠰᠢᠯᠠᠬᠤ ᠶᠢ ᠳᠡᠮᠵᠢᠵᠦ᠂ ᠬᠥᠭᠵᠢᠭᠡᠳᠦᠶ ᠭᠠᠵᠠᠷ ᠣᠷᠣᠨ ᠳᠤ ᠶᠡᠭᠡ ᠬᠡᠮᠵᠢᠶᠡᠨ ᠤ ᠰᠢᠯᠢᠳᠡᠭ ᠪᠠᠭᠰᠢ ᠨᠥᠬᠦᠪᠥᠷᠢᠯᠡᠭᠰᠡᠨ ᠪᠠᠶᠢᠨ᠎ᠠ᠃︽ᠭᠤᠷᠪᠠᠨ ᠣᠷᠣᠨ︾ ᠤ ᠴᠢᠳᠠᠪᠤᠷᠢᠲᠠᠨ ᠤ ᠲᠥᠯᠥᠪᠯᠡᠭᠡ ᠶᠢᠨ ᠪᠠᠭᠰᠢ ᠶᠢᠨ ᠲᠤᠰᠬᠠᠶ ᠲᠥᠷᠥᠯ ᠪᠠ ᠪᠤᠭᠤᠷᠤᠯ ᠨᠠᠰᠤᠨ ᠤ ᠪᠠᠭᠰᠢ ᠶᠢᠨ ᠬᠢᠴᠢᠶᠡᠯ ᠣᠷᠣᠬᠤ ᠲᠥᠯᠥᠪᠯᠡᠭᠡ ᠶᠢ ᠬᠡᠷᠡᠭᠵᠢᠭᠦᠯᠬᠦ ᠶᠢ ᠳᠡᠮᠵᠢᠪᠡ᠃ 2018 ᠣᠨ ᠠᠴᠠ 2023 ᠣᠨ ᠪᠣᠯᠲᠠᠯ᠎ᠠ᠂ ᠲᠥᠪ ᠤᠨ ᠡᠳ᠋ ᠤᠨ ᠵᠠᠰᠠᠭ ᠠᠴᠠ ᠨᠡᠶᠢᠲᠡ 21 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠢᠳᠡᠭ ᠪᠠᠭᠰᠢ ᠪᠠ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ᠂ ᠦᠨᠳᠦᠰᠦᠲᠡᠨ ᠤ ᠭᠠᠵᠠᠷ ᠣᠷᠣᠨ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠬᠢᠯᠢ ᠬᠢᠵᠠᠭᠠᠷ ᠣᠷᠣᠨ ᠳᠤ ᠣᠴᠢᠵᠤ ᠰᠤᠷᠭᠠᠨ ᠬᠥᠮᠦᠵᠢᠯ ᠢ ᠳᠡᠮᠵᠢᠵᠦ ᠡᠷᠳᠡᠮ ᠰᠢᠨᠵᠢᠯᠡᠭᠡᠨ ᠤ ᠶᠠᠷᠢᠶ᠎ᠠ ᠲᠠᠯᠪᠢᠬᠤ ᠶᠢ ᠵᠣᠷᠢᠭᠵᠢᠭᠤᠯᠪᠠ᠃ 2020 ᠣᠨ ᠠᠴᠠ ᠡᠬᠢᠯᠡᠨ᠂ ᠪᠠᠰᠠ 1 ᠳ᠋ᠦᠩᠰᠢᠭᠤᠷ ᠰᠢᠬᠠᠮ ᠲᠥᠭᠦᠷᠢᠭ ᠲᠣᠬᠢᠷᠠᠭᠤᠯᠵᠤ᠂ ᠰᠤᠷᠭᠠᠨ ᠬᠥᠮᠦᠵᠢᠯ ᠤᠨ ᠶᠠᠮᠤᠨ ᠤ ᠶᠡᠭᠡ ᠳᠡᠭᠡᠳᠦ ᠰᠤᠷᠭᠠᠭᠤᠯᠢ ᠶᠢᠨ ᠪᠤᠭᠤᠷᠤᠯ ᠨᠠᠰᠤᠨ ᠤ ᠪᠠᠭᠰᠢ ᠶᠢᠨ ᠪᠠᠷᠠᠭᠤᠨ ᠣᠷᠣᠨ ᠢ ᠲᠤᠰᠠᠯᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠳᠡᠮᠵᠢᠵᠦ᠂ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢ ᠰᠢᠯᠢᠨ ᠰᠣᠩᠭᠤᠵᠤ ᠰᠤᠷᠭᠠᠨ ᠬᠥᠮᠦᠵᠢᠯ ᠪᠠ ᠰᠤᠳᠤᠯᠭᠠᠨ ᠳᠤ ᠳᠡᠮᠵᠢᠭᠦᠯᠵᠦ᠂ ᠪᠠᠷᠠᠭᠤᠨ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠪᠡ᠃   ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠠᠮᠵᠢᠪᠡ᠃ 2018 ᠣᠨ ᠠᠴᠠ 2023 ᠣᠨ ᠪᠣᠯᠲᠠᠯ᠎ᠠ᠂ ᠨᠡᠶᠢᠲᠡ 300 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠳᠤᠮᠳᠠ ᠪᠠᠷᠠᠭᠤᠨ ᠪᠡᠶ᠎ᠡ ᠶᠢᠨ ᠭᠠᠵᠠᠷ ᠣᠷᠣᠨ ᠢ ᠬᠥᠲᠥᠯᠦᠨ ᠵᠢᠯᠣᠭᠤᠳᠴᠤ ᠪᠠᠶᠢᠭᠠᠳ ᠵᠦᠷᠢᠶᠡᠴᠢᠯᠡᠭᠰᠡᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠨᠠᠩ ᠣᠯᠠᠨ ᠰᠢᠯᠢᠳᠡᠭ ᠪᠠᠭᠰᠢ ᠶᠢ ᠲᠡᠳᠡᠨ ᠠᠪᠴᠢᠷᠠᠵᠤ ᠬᠥᠳᠡᠭᠡ ᠲᠣᠰᠬᠤᠨ ᠤ ᠰᠤᠷᠭᠠᠭᠤᠯᠢ ᠳᠤ ᠪᠠᠭᠰᠢᠯᠠᠭᠤᠯᠵᠤ᠂ ᠵᠢᠯ ᠪᠦᠷᠢ 130 ᠲᠦᠮᠡᠨ ᠪᠠᠭᠰᠢ ᠳᠤ ᠠᠰᠢᠭ ᠬᠦᠷᠲᠡᠭᠡᠪᠡ᠃︽ᠲᠠᠷᠠᠭᠠᠴᠢ ᠶᠢᠨ ᠠᠯᠬᠤᠮ ᠳᠤ᠂ ᠪᠢᠳᠡ ᠰᠤᠷᠭᠠᠨ ᠬᠥᠮᠦᠵᠢᠯ ᠤᠨ ᠶᠠᠮᠤᠨ ᠲᠠᠢ ᠬᠠᠮᠲᠤᠷᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠣᠷᠣᠨ ᠨᠤᠲᠤᠭ ᠤᠨ ᠬᠢᠨ ᠤ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠬᠤ ᠶᠢ ᠳᠡᠮᠵᠢᠬᠦ ᠪᠠ ᠬᠥᠲᠥᠯᠥᠨ ᠵᠢᠯᠣᠭᠤᠳᠴᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠪᠠ ᠬᠤᠲᠠ ᠬᠥᠳᠡᠭᠡ ᠶᠢᠨ ᠨᠢᠭᠡ ᠴᠣᠭᠴᠠᠵᠢᠬᠤ ᠶᠢ ᠲᠦᠷᠭᠡᠳᠬᠡᠨ ᠠᠬᠢᠭᠤᠯᠤᠨ᠎ᠠ︾ ᠭᠡᠵᠦ ᠡᠳ᠋ ᠤᠨ ᠵᠠᠰᠠᠭ ᠤᠨ ᠶᠠᠮᠤᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠪᠠ ᠰᠣᠶᠣᠯ ᠤᠨ ᠵᠤᠷᠭᠠᠨ ᠤ ᠳᠡᠳ᠋ ᠳᠠᠷᠤᠭ᠎ᠠ ᠮᠠ ᠬᠤᠩ ᠪᠢᠩ ᠬᠡᠯᠡᠪᠡ᠃   ᠢᠷᠡᠯᠲᠡ᠄ ᠠᠷᠠᠳ ᠤᠨ ᠡᠳᠦᠷ ᠤᠨ ᠰᠤᠨᠢᠨ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ