ᠰᠢᠲᠠᠮᠠᠬᠠᠢ ᠬᠡᠢ ᠶᠢ ᠵᠥᠪ ᠬᠡᠷᠡᠭᠯᠡᠭᠡᠷᠡᠢ
ᠨᠡᠶᠢᠲᠡᠯᠡᠭᠰᠡᠨ ᠴᠠᠭ᠄
2023/11/16
      ᠭᠤᠮ ᠬᠤᠭᠤᠯᠠᠢ ᠶᠢ ᠬᠡᠲᠦᠷᠬᠡᠢ ᠤᠷᠲᠤ ᠬᠤᠭᠤᠴᠠᠭ᠎ᠠ ᠪᠠᠷ ᠬᠡᠷᠡᠭᠯᠡᠵᠦ ᠪᠣᠯᠬᠤ ᠦᠭᠡᠢ      ᠰᠢᠲᠠᠮᠠᠬᠠᠢ ᠬᠡᠢ ᠶᠢ ᠬᠡᠷᠡᠭᠯᠡᠬᠦ ᠦᠶᠡᠰ᠂ ᠭᠤᠮ ᠬᠤᠭᠤᠯᠠᠢ ᠶᠢ 18 ᠰᠠᠷ᠎ᠠ ᠬᠡᠷᠡᠭᠯᠡᠪᠡᠯ ᠪᠠᠶᠢᠴᠠᠭᠠᠬᠤ ᠬᠡᠷᠡᠭᠲᠡᠢ᠂ ᠴᠠᠭ ᠲᠤᠬᠠᠢ ᠳᠤ ᠨᠢ ᠭᠤᠮ ᠬᠤᠭᠤᠯᠠᠢ ᠪᠠ ᠳᠠᠷᠤᠯᠲᠠ ᠶᠢ ᠪᠠᠭᠤᠷᠠᠭᠤᠯᠬᠤ ᠨᠡᠭᠡᠯᠡᠬᠡᠢ ᠶᠢ ᠰᠤᠯᠢᠵᠤ᠂ ᠬᠡᠢ ᠯᠡᠪᠡᠷᠡᠬᠦ ᠠᠴᠠ ᠰᠡᠷᠭᠡᠶᠢᠯᠡᠨ᠎ᠡ᠃ ᠭᠤᠮ ᠬᠤᠭᠤᠯᠠᠢ ᠶᠢᠨ ᠤᠷᠲᠤ ᠶᠢ 2 ᠮᠧᠳ᠋ᠷ ᠠᠴᠠ ᠬᠡᠲᠦᠷᠡᠭᠦᠯᠵᠦ ᠪᠣᠯᠬᠤ ᠦᠭᠡᠢ᠃      ᠵᠣᠬᠢᠰ ᠲᠠᠢ ᠬᠠᠳᠠᠭᠠᠯᠠᠨ᠎ᠠ     ᠰᠢᠲᠠᠮᠠᠬᠠᠢ ᠬᠡᠢ ᠶᠢ ᠡᠷᠬᠡᠪᠡᠰᠢ ᠰᠠᠯᠬᠢ ᠨᠡᠪᠲᠡᠷᠡᠬᠦ ᠲᠣᠭᠤᠭᠠᠨ ᠭᠡᠷ ᠲᠤ ᠬᠡᠷᠡᠭᠯᠡᠨ᠎ᠡ᠂ ᠬᠡᠢ ᠯᠡᠪᠡᠷᠡᠪᠡᠯ ᠴᠠᠭ ᠲᠤᠬᠠᠢ ᠳᠤ ᠨᠢ ᠰᠠᠯᠬᠢ ᠨᠡᠪᠲᠡᠷᠡᠭᠦᠯᠵᠦ᠂ ᠬᠦᠮᠦᠨ ᠬᠤᠣᠷᠳᠠᠭᠳᠠᠬᠤ ᠪᠠ ᠭᠠᠯ ᠤᠨ ᠠᠶᠤᠯ ᠭᠠᠷᠬᠤ ᠠᠴᠠ ᠵᠠᠶᠢᠯᠠᠰᠬᠢᠬᠤ ᠬᠡᠷᠡᠭᠲᠡᠢ᠃ ᠡᠭᠦᠨ ᠠᠴᠠ ᠭᠠᠳᠠᠨ᠎ᠠ᠂ ᠰᠢᠲᠠᠮᠠᠬᠠᠢ ᠬᠡᠢ ᠶᠢ ᠡᠷᠭᠡᠪᠡᠰᠢ ᠤᠨᠲᠠᠬᠤ ᠥᠷᠥᠭᠡ᠂ ᠠᠮᠠᠷᠠᠬᠤ ᠥᠷᠥᠭᠡ ᠠᠴᠠ ᠲᠤᠰᠭᠠᠷᠯᠠᠵᠤ᠂ ᠰᠠᠯᠬᠢ ᠨᠡᠪᠲᠡᠷᠡᠬᠦ ᠨᠥᠬᠦᠴᠡᠯ ᠢ ᠡᠷᠬᠡᠪᠡᠰᠢ ᠪᠦᠷᠢᠯᠳᠦᠭᠦᠯᠬᠦ ᠬᠡᠷᠡᠭᠲᠡᠢ᠃      ᠰᠢᠲᠠᠮᠠᠬᠠᠢ ᠬᠡᠢ ᠯᠡᠪᠡᠷᠡᠪᠡᠯ ᠳᠠᠷᠦ᠋ᠢᠬᠠᠨ ᠪᠠᠶᠢᠴᠠᠭᠠᠨ᠎ᠠ       ᠰᠢᠲᠠᠮᠠᠬᠠᠢ ᠬᠡᠢ ᠯᠡᠪᠡᠷᠡᠪᠡᠯ ᠠᠮᠠᠷᠬᠠᠨ ᠥᠨᠥᠷᠲᠦᠭᠳᠡᠨ᠎ᠡ᠂ ᠦᠮᠡᠬᠡᠢ ᠥᠨᠥᠷ ᠥᠨᠥᠷᠲᠦᠪᠡᠯ᠂ ᠡᠷᠭᠡᠪᠡᠰᠢ ᠴᠣᠩᠬᠤ ᠪᠠᠨ ᠨᠡᠭᠡᠭᠡᠵᠤ᠂ ᠰᠢᠲᠠᠮᠠᠬᠠᠢ ᠬᠡᠢ ᠶᠢᠨ ᠵᠤᠤᠬ᠎ᠠ᠂ ᠰᠢᠲᠠᠮᠠᠬᠠᠢ ᠬᠡᠢ ᠶᠢᠨ ᠨᠡᠭᠡᠯᠡᠬᠡᠢ ᠪᠠᠨ ᠬᠠᠭᠠᠭᠰᠠᠨ ᠡᠰᠡᠬᠦ ᠶᠢ ᠪᠠᠶᠢᠴᠠᠭᠠᠬᠤ ᠬᠡᠷᠡᠭᠲᠡᠢ᠃ ᠬᠠᠭᠠᠭᠰᠠᠨ ᠤ ᠳᠠᠷᠠᠭ᠎ᠠ ᠪᠠᠰᠠ ᠦᠮᠡᠬᠡᠢ ᠥᠨᠥᠷ ᠲᠠᠢ ᠪᠣᠯ ᠰᠢᠲᠠᠮᠠᠬᠠᠢ ᠬᠡᠢ ᠶᠢᠨ ᠺᠤᠮᠫᠠᠨᠢ ᠶᠢᠨ ᠠᠵᠢᠯᠲᠠᠨ ᠲᠠᠢ ᠳᠠᠷᠦ᠋ᠢᠬᠠᠨ ᠬᠠᠷᠢᠯᠴᠠᠵᠤ ᠪᠠᠶᠢᠴᠠᠭᠠᠯᠭᠠᠬᠤ ᠬᠡᠷᠡᠭᠲᠡᠢ᠃ ᠲᠤᠰᠬᠠᠢ ᠮᠡᠷᠭᠡᠵᠢᠯ ᠤᠨ ᠬᠦᠮᠦᠰ ᠬᠦᠷᠴᠦ ᠢᠷᠡᠬᠦ ᠠᠴᠠ ᠡᠮᠦᠨ᠎ᠡ᠂ ᠶᠠᠭᠠᠬᠢᠭᠰᠠᠨ ᠴᠤ ᠥᠷᠥᠭᠡᠨ ᠳᠤ ᠪᠠᠨ ᠰᠠᠭᠤᠵᠤ ᠪᠣᠯᠬᠤ ᠦᠭᠡᠢ᠂ ᠳ᠋ᠧᠩ ᠠᠰᠠᠭᠠᠵᠤ ᠪᠣᠯᠬᠤ ᠦᠭᠡᠢ᠂ ᠨᠡᠩ ᠴᠤ ᠢᠯᠡ ᠭᠠᠯ ᠬᠡᠷᠡᠭᠯᠡᠵᠦ ᠪᠣᠯᠬᠤ ᠦᠭᠡᠢ᠃      ᠰᠢᠲᠠᠮᠠᠬᠠᠢ ᠪᠤᠳᠠᠰ ᠢ ᠵᠤᠤᠬᠠᠨ ᠠᠴᠠ ᠬᠤᠯᠠ ᠲᠠᠯᠪᠢᠬᠤ     ᠰᠢᠲᠠᠮᠠᠬᠠᠢ ᠬᠡᠢ ᠶᠢᠨ ᠵᠤᠤᠬ᠎ᠠ ᠶᠢᠨ ᠡᠷᠬᠢᠨ ᠲᠣᠭᠤᠷᠢᠨ ᠳᠤ ᠲᠣᠰᠣᠨ ᠯᠣᠩᠬᠤ᠂ ᠠᠷᠢᠬᠢᠨ ᠯᠣᠩᠬᠤ᠂ ᠪᠠᠭᠰᠤᠷᠭ᠎ᠠ ᠶᠢᠨ ᠯᠣᠩᠬᠤ ᠵᠡᠷᠭᠡ ᠲᠣᠭᠤᠭᠠᠨ ᠭᠡᠷ ᠲᠤ ᠦᠷᠭᠦᠯᠵᠢ ᠬᠡᠷᠡᠭᠯᠡᠳᠡᠭ ᠡᠯ᠎ᠡ ᠵᠦᠢᠯ ᠤᠨ ᠪᠤᠳᠠᠰ ᠢ ᠲᠠᠯᠪᠢᠵᠤ ᠪᠣᠯᠬᠤ ᠦᠭᠡᠢ᠃ ᠪᠠᠰᠠ ᠴᠠᠭᠠᠰᠤᠨ ᠬᠠᠶᠢᠷᠴᠠᠭ᠂ ᠬᠤᠯᠤᠰᠤᠨ ᠰᠠᠭᠰᠤ ᠵᠡᠷᠭᠡ ᠪᠤᠳᠠᠰ ᠢ ᠲᠠᠯᠪᠢᠵᠤ ᠪᠣᠯᠬᠤ ᠦᠭᠡᠢ᠂ ᠭᠠᠯ ᠭᠠᠷᠬᠤ ᠠᠴᠠ ᠵᠠᠶᠢᠯᠠᠰᠬᠢᠬᠤ ᠬᠡᠷᠡᠭᠲᠡᠢ᠃  
ᠢᠷᠡᠯᠲᠡ᠄ ᠰᠤᠶᠤᠯ ︽NMTV︾ ᠸᠢᠴᠠᠲ ᠲᠠᠪᠴᠠᠩ