ᠮᠤᠨᠠ ᠠᠭᠤᠯᠠ ᠪᠠᠯᠭᠠᠰᠣᠨ ᠤ ᠳ᠋ᠦᠩ ᠰᠢᠩ ᠭᠤᠷᠪᠠᠳᠣᠭᠠᠷ ᠨᠡᠶᠢᠭᠡᠮ ᠲᠣᠭᠤᠷᠢᠭ ᠭᠤᠤᠯ ᠰᠡᠳᠦᠪᠲᠦ ᠬᠥᠮᠦᠵᠢᠯ ᠤᠨ ᠨᠣᠮ  ᠣᠩᠰᠢᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2023/11/21
   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠬᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠬᠦ᠂ ᠣᠶᠤᠨ ᠰᠠᠨᠠᠭᠠᠨ ᠤ ᠺᠠᠯᠼ ᠢ ᠨᠦᠬᠦᠪᠦᠷᠢᠯᠡᠬᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠬᠦ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ᠂ ᠣᠶᠢᠷ᠎ᠠ ᠳᠤ᠂ ᠣᠷᠠᠳ ᠤᠨ ᠡᠮᠦᠨᠡᠲᠤ ᠬᠤᠰᠢᠭᠤᠨ ᠤ  ᠮᠣᠨᠠ ᠠᠭᠤᠯᠠ ᠪᠠᠯᠭᠠᠰᠣᠨ ᠤ ᠳ᠋ᠦᠩ ᠰᠢᠩ ᠭᠤᠷᠪᠠᠳᠣᠭᠠᠷ ᠨᠡᠶᠢᠭᠡᠮ ᠲᠣᠭᠤᠷᠢᠭ ᠭᠤᠤᠯ ᠰᠡᠳᠦᠪᠲᠦ ᠬᠥᠮᠦᠵᠢᠯ ᠤᠨ ᠨᠣᠮ ᠣᠩᠰᠢᠬᠤ ᠠᠵᠢᠯᠯᠠᠭ᠎ᠠ ᠦᠷᠨᠢᠬᠦᠯᠪᠡ᠃   ᠠᠵᠢᠯᠯᠠᠭᠠᠨ ᠳᠤ᠂ ᠨᠠᠮ ᠤᠨ ᠭᠡᠰᠢᠭᠦᠨ ᠺᠠᠳ᠋ᠷᠴᠤᠳ ᠠᠴᠠ ᠲᠣᠰ ᠲᠣᠰ ᠥᠪᠡᠷ ᠤᠨ ᠨᠣᠮ ᠤᠩᠰᠢᠭᠰᠠᠨ ᠲᠥᠷᠥᠭᠳᠡᠯ ᠲᠠᠢ ᠪᠠᠨ ᠤᠶᠠᠯᠳᠤᠭᠤᠯᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾᠂ ︽ᠰᠢ ᠶᠢᠨ ᠫᠢᠩ ᠤᠨ ᠵᠣᠬᠢᠶᠠᠯ ᠪᠦᠲᠦᠭᠡᠯ ᠢ ᠰᠣᠩᠭᠤᠨ ᠤᠩᠰᠢᠬᠤ︾ ᠵᠡᠷᠭᠡ ᠰᠣᠩᠭᠤᠳᠠᠭ ᠵᠣᠬᠢᠶᠠᠯ ᠢ ᠬᠤᠪᠢᠶᠠᠯᠴᠠᠨ ᠲᠠᠨᠢᠯᠴᠠᠭᠤᠯᠬᠤ ᠶᠢᠨ ᠬᠠᠮᠲᠣ᠂ ᠥᠪᠡᠷ ᠤᠨ ᠠᠵᠢᠯ ᠲᠠᠢ ᠪᠠᠨ ᠤᠶᠠᠯᠳᠤᠭᠤᠯᠤᠨ ᠲᠥᠷᠥᠭᠳᠡᠯ ᠢᠶᠠᠨ ᠶᠠᠷᠢᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠳᠤ ᠪᠠᠨ ᠦᠢᠯᠡᠴᠢᠯᠡᠬᠦᠯᠦᠨ᠂ ᠰᠢᠨ᠎ᠡ ᠴᠠᠭ ᠦᠶ᠎ᠡ ᠶᠢᠨ ᠨᠠᠮ ᠤᠨ ᠠᠵᠢᠯ ᠳᠤ ᠢᠯᠡᠭᠦᠬᠡᠨ ᠬᠤᠪᠢ ᠨᠡᠮᠡᠷᠢ ᠦᠵᠡᠬᠦᠯᠦᠨ᠎ᠡ ᠬᠡᠮᠡᠨ  ᠢᠯᠡᠳᠬᠡᠪᠡ᠃   ᠲᠤᠰ ᠤᠳᠠᠭ᠎ᠠ ᠶᠢᠨ ᠠᠵᠢᠯᠯᠠᠭ᠎ᠠ ᠪᠣᠯ ᠨᠢᠭᠡ ᠤᠳᠠᠭ᠎ᠠ ᠶᠢᠨ ᠭᠦᠨᠵᠡᠭᠡᠢ ᠰᠤᠷᠤᠯᠴᠠᠵᠤ ᠨᠠᠷᠢᠨ ᠰᠤᠳᠤᠯᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠰᠤᠷᠤᠯᠴᠠᠯᠭ᠎ᠠ ᠪᠣᠯᠬᠤ ᠪᠥᠭᠡᠳ ᠪᠠᠰᠠ ᠴᠤ ᠨᠢᠭᠡ ᠤᠳᠠᠭ᠎ᠠ ᠶᠢᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠬᠠᠮᠲᠤ ᠪᠠᠷ ᠳᠡᠭᠡᠭᠰᠢᠯᠡᠬᠦ ᠰᠣᠯᠢᠯᠴᠠᠭ᠎ᠠ ᠪᠣᠯᠤᠨ᠎ᠠ᠃ ᠳ᠋ᠦᠩ ᠰᠢᠩ ᠭᠤᠷᠪᠠᠳᠣᠭᠠᠷ ᠨᠡᠶᠢᠭᠡᠮ ᠲᠣᠭᠤᠷᠢᠭ ᠤᠨ ᠬᠢᠨ ᠡᠨᠡ ᠤᠳᠠᠭ᠎ᠠ ᠶᠢᠨ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ ᠪᠣᠯᠤᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠰᠤᠷᠤᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ   ᠢᠶᠠᠷ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ