ᠬᠤᠲᠠ᠂ ᠬᠤᠰᠢᠭᠤ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠬᠤᠳᠠᠯ ᠬᠠᠭᠤᠷᠮᠠᠭ ᠭᠡᠷᠡᠴᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/21
   ᠭᠡᠷᠡᠴᠢᠯᠡᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠨᠡᠨ ᠬᠦ ᠵᠢᠷᠤᠮᠵᠢᠭᠤᠯᠵᠤ᠂ ᠶᠠᠰᠤ ᠴᠢᠨᠠᠷ ᠤᠨ ᠭᠡᠷᠡᠴᠢᠯᠡᠯ ᠤᠨ ᠪᠦᠲᠦᠮᠵᠢᠲᠦ ᠴᠢᠨᠠᠷ ᠪᠠ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠠᠳ ᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ᠂ ᠤᠷᠠᠳ ᠤᠨ ᠡᠮᠦᠨᠡᠲᠦ ᠬᠤᠰᠢᠭᠤᠨ ᠤ ᠬᠡᠪᠴᠢᠶᠡᠨ ᠳᠤ ᠬᠤᠳᠠᠯ ᠬᠠᠭᠤᠷᠮᠠᠭ ᠭᠡᠷᠡᠴᠢᠯᠡᠯ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃

微信图片_20231121161422.png

   ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠨᠢ ᠨᠢᠭᠡ ᠪᠦᠯᠦᠭ ᠬᠤᠳᠠᠯ ᠬᠠᠭᠤᠷᠮᠠᠭ ᠭᠡᠷᠡᠴᠢᠯᠡᠯ ᠬᠢᠬᠦ  ᠦᠢᠯᠡ ᠠᠵᠢᠯᠯᠠᠭ᠎ᠠ ᠳᠤ

ᠴᠣᠬᠢᠯᠲᠠ ᠥᠭᠴᠦ᠂ ᠬᠠᠤᠯᠢ ᠠᠴᠠ ᠵᠥᠷᠢᠴᠡᠭᠰᠡᠨ ᠶᠠᠯᠠᠲᠤ ᠨᠡᠶᠢᠲᠡᠯᠢᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠬᠠᠤᠯᠢ ᠪᠤᠰᠤ

ᠪᠠᠶᠢᠭᠤᠯᠤᠮᠵᠢ ᠶᠢ ᠢᠯᠡᠴᠢᠯᠡᠵᠦ᠂ ᠬᠤᠳᠠᠯ ᠬᠠᠭᠤᠷᠮᠠᠭ ᠤᠬᠠᠭᠤᠯᠭ᠎ᠠ ᠶᠢᠨ ᠰᠦᠯᠵᠢᠶ᠎ᠡ ᠶᠢ ᠬᠠᠭᠠᠵᠤ ᠵᠣᠭᠰᠣᠭᠠᠨ᠂ ᠵᠠᠰᠠᠭ ᠵᠠᠬᠢᠷᠭᠠᠨ ᠤ ᠰᠢᠳᠬᠡᠯ ᠪᠠ

ᠡᠷᠡᠭᠦᠦ ᠰᠢᠳᠬᠡᠯ ᠢ ᠵᠣᠯᠭᠠᠯᠳᠤᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠠᠵᠢᠯ ᠤᠨ ᠵᠠᠷᠴᠢᠮ ᠢ ᠨᠡᠶᠢᠲᠡᠯᠡᠪᠡ᠃ ᠡᠨᠡ ᠨᠢ ᠨᠢᠭᠡ ᠲᠠᠯ᠎ᠠ ᠪᠠᠷ᠂

ᠭᠡᠷᠡᠴᠢᠯᠡᠬᠦ ᠪᠠᠶᠢᠭᠤᠯᠤᠮᠵᠢ᠂ ᠰᠦᠯᠵᠢᠶᠡᠨ ᠤ ᠠᠷᠠᠯᠵᠢᠶᠠᠨ ᠤ ᠲᠠᠪᠴᠠᠩ ᠢ ᠰᠢᠪᠠᠳᠠᠵᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠲᠠᠢ

ᠬᠠᠷᠢᠴᠠᠭᠤᠯᠤᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ ᠴᠠᠭ ᠲᠤᠬᠠᠶ ᠳᠤᠨᠢ ᠴᠡᠭᠴᠡᠯᠡᠨ ᠦᠭᠡᠷᠡᠴᠢᠯᠡᠬᠦ ᠶᠢ ᠰᠠᠨᠠᠭᠠᠴᠢᠯᠠᠪᠠ᠃

ᠭᠡᠷᠡᠴᠢᠯᠡᠯ ᠤᠨ ᠪᠠᠶᠢᠭᠤᠯᠤᠮᠵᠢ ᠵᠢᠴᠢ ᠲᠡᠭᠦᠨ ᠤ ᠭᠡᠷᠡᠴᠢᠯᠡᠬᠦ ᠠᠵᠢᠯᠲᠠᠨ ᠤ ᠭᠡᠷᠡᠴᠢᠯᠡᠯ ᠤᠨ ᠦᠨᠡᠮᠯᠡᠯ ᠢ ᠬᠤᠳᠠᠯᠳᠤᠭᠠᠯᠠᠬᠤ᠂ ᠬᠤᠳᠠᠯ ᠬᠠᠭᠤᠷᠮᠠᠭ ᠢᠶᠠᠷ

ᠭᠡᠷᠡᠴᠢᠯᠡᠯ ᠬᠢᠬᠦ᠂ ᠵᠥᠪᠰᠢᠶᠡᠷᠡᠭᠦᠯᠦᠭᠡᠳᠦᠶ ᠪᠠᠷ ᠭᠡᠷᠡᠴᠢᠯᠡᠯ ᠤᠨ ᠠᠵᠢᠯᠯᠠᠭ᠎ᠠ ᠥᠷᠨᠢᠭᠦᠯᠬᠦ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠯ ᠤᠨ

ᠪᠠᠶᠢᠭᠤᠯᠤᠮᠵᠢ ᠶᠢᠨ ᠬᠢᠷᠢ ᠬᠡᠮ ᠢ ᠬᠠᠭᠤᠷᠮᠠᠭᠯᠠᠨ ᠬᠡᠷᠡᠭᠯᠡᠬᠦ᠂ ᠭᠡᠷᠡᠴᠢᠯᠡᠯ ᠤᠨ ᠦᠨᠡᠮᠯᠡᠯ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠭᠰᠡᠨ

ᠮᠡᠳᠡᠭᠦᠯᠦᠯᠲᠡ ᠶᠢ ᠬᠠᠭᠤᠷᠮᠠᠭᠯᠠᠨ ᠵᠣᠬᠢᠶᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠪᠡ᠃ ᠨᠥᠭᠦᠭᠡ

ᠲᠠᠯ᠎ᠠ ᠪᠠᠷ᠂ ᠰᠦᠯᠵᠢᠶᠡᠨ ᠤ ᠠᠷᠠᠯᠵᠢᠶᠠᠨ ᠤ ᠲᠠᠪᠴᠠᠩ ᠤᠨ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠦᠯᠵᠢᠶᠡᠨ ᠤ

ᠠᠷᠠᠯᠵᠢᠶᠠᠨ ᠤ ᠲᠠᠪᠴᠠᠩ ᠢ ᠰᠢᠮᠳᠠᠭᠤᠯᠵᠤ ᠪᠠᠶᠢᠭᠠᠳ ᠬᠢᠷᠢ ᠬᠡᠮ ᠢ ᠬᠢᠨᠠᠨ ᠬᠠᠷᠭᠤᠭᠤᠯᠬᠤ ᠪᠠ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠡᠭᠦᠷᠭᠡ ᠶᠢ

ᠨᠠᠶᠢᠳᠠᠪᠤᠷᠢᠵᠢᠭᠤᠯᠵᠤ᠂ ᠰᠦᠯᠵᠢᠶᠡᠨ ᠤ ᠠᠷᠠᠯᠵᠢᠶᠠᠨ ᠤ ᠲᠠᠪᠴᠠᠩ ᠤᠨ ᠳᠣᠲᠣᠷᠠᠬᠢ ᠡᠵᠡᠩᠨᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ

ᠭᠡᠷᠡᠴᠢᠯᠡᠯ ᠤᠨ ᠦᠨᠡᠮᠯᠡᠯ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢ ᠵᠥᠪ ᠬᠡᠷᠡᠭᠯᠡᠭᠦᠯᠵᠦ᠂ ᠰᠦᠯᠵᠢᠶᠡᠨ ᠤ ᠠᠷᠠᠯᠵᠢᠶᠠᠨ ᠤ

ᠲᠠᠪᠴᠠᠩ ᠳᠤ ᠢᠯᠡᠷᠡᠭᠰᠡᠨ ᠬᠤᠳᠠᠯ ᠬᠠᠭᠤᠷᠮᠠᠭ ᠭᠡᠷᠡᠴᠢᠯᠡᠯ᠂ ᠵᠠᠷ ᠮᠡᠳᠡᠭᠡ᠂ ᠤᠬᠠᠭᠤᠯᠭ᠎ᠠ ᠶᠢ ᠲᠥᠪᠯᠡᠷᠡᠭᠦᠯᠦᠨ ᠢᠯᠭᠠᠷᠠᠭᠤᠯᠪᠠ᠃ ᠡᠭᠦᠨ ᠠᠴᠠ ᠭᠠᠳᠠᠨ᠎ᠠ

᠂ ᠤᠷᠠᠳ ᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠤᠯᠢ ᠠᠴᠠ ᠵᠥᠷᠢᠴᠡᠭᠰᠡᠨ ᠦᠢᠯᠡ

ᠠᠵᠢᠯᠯᠠᠭ᠎ᠠ ᠶᠢᠨ ᠢᠯᠡᠴᠢᠯᠡᠨ ᠮᠡᠳᠡᠭᠦᠯᠬᠦ ᠠᠷᠭ᠎ᠠ ᠵᠠᠮ ᠢ ᠥᠷᠭᠡᠳᠬᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ 12315 ᠢᠯᠡᠴᠢᠯᠡᠨ ᠵᠠᠭᠠᠯᠳᠤᠬᠤ

ᠲᠠᠪᠴᠠᠩ ᠪᠠ ᠬᠠᠯᠠᠮᠰᠢᠯ ᠤᠲᠠᠰᠤ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠤᠳᠠᠯ ᠬᠠᠭᠤᠷᠮᠠᠭ ᠭᠡᠷᠡᠴᠢ ᠦᠨᠡᠮᠯᠡᠯ ᠪᠣᠷᠣᠯᠠᠭᠤᠯᠬᠤ᠂ ᠬᠤᠳᠠᠯ ᠬᠠᠭᠤᠷᠮᠠᠭ

ᠭᠡᠷᠡᠴᠢ ᠦᠨᠡᠮᠯᠡᠯ ᠭᠡᠷᠡᠴᠢᠯᠡᠬᠦ ᠵᠡᠷᠭᠡ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠪᠠ᠃

微信图片_20231121161416.png

   ᠣᠳᠣᠬᠠᠨ ᠪᠣᠯᠲᠠᠯ᠎ᠠ᠂ ᠪᠠᠶᠢᠴᠠᠭᠠᠬᠤ ᠳᠤᠭᠤᠶᠢᠯᠠᠩ ᠤᠨ ᠬᠢᠨ 3 ᠭᠡᠷᠡᠴᠢᠯᠡᠯ ᠤᠨ ᠪᠠᠶᠢᠭᠤᠯᠤᠮᠵᠢ ᠶᠢᠨ  ᠣᠷᠠᠳ ᠤᠨ ᠡᠮᠦᠨᠡᠲᠤ ᠬᠤᠰᠢᠭᠤᠨ ᠳᠠᠬᠢ

ᠭᠡᠷᠡᠴᠢᠯᠡᠯ ᠤᠨ ᠠᠵᠢᠯᠯᠠᠭ᠎ᠠ ᠳᠤ ᠪᠠᠶᠢᠴᠠᠭᠠᠯᠲᠠ ᠬᠢᠵᠦ᠂ 1 ᠮᠠᠰᠢᠨ ᠲᠡᠷᠭᠡ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠲᠤᠬᠠᠶ ᠶᠢᠨ ᠲᠠᠯᠠᠪᠠᠶ ᠶᠢᠨ

ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠤᠲᠠ᠂ ᠬᠤᠰᠢᠭᠤ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠠᠩᠬᠠᠷᠬᠤ ᠪᠣᠯᠤᠨ᠎ᠠ᠃

   ᠲᠠᠷᠠᠭᠠᠴᠢ ᠶᠢᠨ ᠠᠯᠬᠤᠮ ᠳᠤ᠂  ᠲᠣᠰ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠠᠯᠠᠭ᠎ᠠ ᠮᠥᠴᠢᠷ ᠤᠨ

ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠭᠡᠷᠡᠴᠢᠯᠡᠯ ᠤᠨ ᠵᠥᠪᠯᠡᠯᠭᠡ ᠥᠭᠬᠦ ᠪᠠᠶᠢᠭᠤᠯᠤᠮᠵᠢ ᠶᠢᠨ

ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠣᠯᠠᠨ ᠡᠰᠢᠲᠦ

ᠬᠠᠮᠲᠤ ᠪᠠᠷ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ