ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠭᠤᠣᠯ ᠰᠡᠳᠦᠪᠲᠦ ᠬᠥᠮᠥᠵᠢᠯ ᠤᠨ ᠨᠣᠮ ᠤᠩᠰᠢᠬᠤ ᠠᠩᠭᠢ  ᠵᠢᠴᠢ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠥᠷᠭᠡᠳᠬᠡᠭᠰᠡᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/11/21
       ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠵᠠᠰᠠᠭ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠭᠤᠣᠯ ᠰᠡᠳᠦᠪᠲᠤ ᠬᠥᠮᠥᠵᠢᠯ ᠤᠨ ᠨᠣᠮ ᠤᠩᠰᠢᠬᠤ ᠠᠩᠭᠢ ᠵᠢᠴᠢ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠥᠷᠭᠡᠳᠬᠡᠭᠰᠡᠨ ᠬᠤᠷᠠᠯ ᠬᠤᠷᠠᠯᠳᠤᠪᠠ᠃      ᠬᠤᠷᠠᠯ ᠠᠴᠠ ᠶᠡᠷᠦᠩᠬᠡᠢ ᠱᠥᠴᠢ ᠰᠢ ᠶᠢᠨ ᠫᠢᠩ ᠤᠨ ᠠᠶᠦᠯᠭᠦᠢ ᠦᠢᠯᠡᠳᠪᠦᠷᠢᠯᠡᠯ ᠪᠣᠯᠣᠨ ᠵᠥᠪ ᠣᠨᠣᠪᠴᠢᠲᠠᠢ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ ᠲᠥᠪᠯᠡᠷᠡᠭᠦᠯᠦᠨ ᠰᠤᠷᠤᠯᠴᠠᠵᠤ᠂ ᠡᠯ᠎ᠡ ᠲᠳ᠋ ᠬᠤᠰᠢᠭᠤ ᠳᠠᠷᠤᠭ᠎ᠠ ᠨᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠵᠥᠪ ᠣᠨᠤᠪᠴᠢᠲᠠᠢ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠬᠦ ᠰᠡᠳᠬᠢᠯᠭᠡ ᠶᠢ ᠲᠣᠪᠤᠶᠢᠢᠯᠭᠠᠬᠤ ᠶᠢ ᠪᠠᠷᠢᠮᠳᠠᠯᠠᠨ ᠰᠤᠷᠤᠯᠴᠠᠨ ᠰᠡᠳᠬᠢᠵᠦ  ᠦᠢᠯᠡᠳᠦᠯᠭᠡᠵᠢᠭᠦᠯᠦᠨ ᠣᠶᠢᠯᠠᠭᠠᠬᠤ ᠶᠠᠪᠤᠴᠠᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ᠂ ᠥᠪᠡᠷ ᠤᠨ ᠵᠠᠰᠠᠯᠲᠠ ᠶᠢᠨ ᠴᠢᠳᠠᠪᠤᠷᠢ ᠪᠣᠯᠣᠨ ᠵᠠᠰᠠᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠡᠷᠦᠩᠬᠡᠶᠢᠯᠡᠨ ᠨᠢᠭᠡᠳᠦᠯᠲᠡᠢ ᠲᠦᠯᠦᠪᠵᠢᠭᠦᠯᠬᠦ 《ᠡᠵᠡᠮᠳᠡᠭᠴᠢ 》᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ 《ᠳᠠᠭᠠᠭᠤᠯᠤᠭᠴᠢ 》 ᠪᠣᠯᠬᠤ ᠬᠡᠷᠡᠭᠲᠡᠢ᠃  ᠣᠳᠤᠬᠠᠨ ᠤ《ᠪᠠᠴᠢᠮ 》 ᠶᠠᠪᠤᠳᠠᠯ ᠢ ᠴᠠᠭ ᠲᠤᠬᠠᠢ ᠳᠤ ᠨᠢ ᠴᠢᠩᠭ᠎ᠠ  ᠠᠳᠬᠤᠨ ᠲᠦᠷᠭᠡᠨ ᠰᠢᠢᠳᠪᠦᠷᠢᠯᠡᠬᠦ ᠬᠡᠷᠡᠭᠲᠡᠢ᠃ ᠤᠷᠲᠤ ᠬᠤᠭᠤᠴᠠᠭᠠᠨ ᠤ 《ᠴᠢᠬᠤᠯᠠ 》 ᠶᠠᠪᠤᠳᠠᠯ ᠳᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠠ ᠲᠡᠰᠪᠦᠷᠢ ᠳᠡᠪᠴᠢᠶᠠᠷᠢ ᠲᠠᠢ ᠪᠠᠶᠢᠬᠤ ᠬᠡᠷᠡᠭᠲᠡᠢ᠃ ᠡᠷᠬᠡᠪᠰᠢ  ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠬᠡᠮᠵᠢᠬᠦ ᠴᠢᠬᠤᠯᠠ ᠪᠡᠯᠭᠡ ᠲᠡᠮᠳᠡᠭ ᠪᠣᠯᠭᠠᠵᠤ᠂ ᠲᠤᠲᠠᠭᠳᠠᠯ ᠢ ᠨᠥᠬᠦᠪᠦᠷᠢᠯᠡᠬᠦ᠂ ᠪᠦᠲᠦᠴᠡ ᠶᠢ ᠲᠣᠬᠢᠷᠠᠭᠤᠯᠬᠤ᠂ ᠳᠡᠷᠤᠭᠳᠠᠮᠠᠯ ᠬᠡᠷᠡᠭ ᠢ ᠰᠢᠢᠳᠪᠦᠷᠢᠯᠡᠬᠦ ᠦᠷᠢ ᠰᠢᠷᠢ  ᠶᠢ ᠪᠠᠷᠠᠭᠳᠠᠭᠤᠯᠬᠤ ᠵᠡᠷᠭᠡ ᠲᠠᠯ᠎ᠠ ᠪᠠᠷ ᠤᠷᠲᠤ ᠬᠤᠭᠤᠴᠠᠭ᠎ᠠ ᠪᠠᠷ ᠴᠢᠷᠮᠠᠶᠢᠵᠤ᠂ ᠨᠡᠩ ᠣᠯᠠᠨ ᠪᠤᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠡᠷᠬᠡᠪᠰᠢ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠣᠭᠤᠮ ᠢ ᠪᠠᠲᠤ ᠪᠠᠶᠢᠭᠤᠯᠵᠤ᠂ ᠤᠬᠠᠮᠰᠠᠷ ᠠᠴᠠ ᠪᠠᠨ ᠵᠦᠪ ᠠᠮᠢᠳᠤᠷᠠᠬᠤᠢ ᠶᠢᠨ ᠦᠵᠡᠯᠲᠡ᠂ ᠥᠷᠳᠡᠭ ᠤᠨ ᠦᠵᠡᠯᠲᠡ᠂ ᠡᠷᠬᠡ ᠶᠢᠨ ᠦᠵᠡᠯᠲᠡ᠂ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠵᠤ᠂ ᠴᠠᠭ ᠢᠮᠠᠭᠲᠠ ᠪᠡᠶ᠎ᠡ ᠪᠠᠨ ᠱᠠᠭᠠᠷᠲᠠᠨ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠢᠯᠵᠡᠷᠡᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠶᠢ ᠴᠠᠭ ᠢᠮᠠᠭᠲᠠ ᠰᠡᠳᠬᠢᠯ ᠳᠡᠭᠡᠨ ᠬᠠᠳᠠᠩᠰᠢᠭᠤᠯᠵᠤ᠂ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠲᠠᠭᠠᠭᠠᠴᠢᠯᠠᠯᠲᠠ ᠣᠷᠢᠬᠤ ᠲᠥᠷᠥ ᠶᠢᠨ ᠪᠣᠳᠣᠯᠭ᠎ᠠ ᠶᠢᠨ ᠨᠥᠬᠦᠪᠦᠷᠢ ᠥᠭᠬᠦ ᠵᠡᠷᠭᠡ ᠲᠠᠯ᠎ᠠ ᠪᠠᠷ ᠢᠮᠠᠭᠲᠠ ᠡᠷᠬᠡ  ᠪᠠᠨ ᠬᠡᠷᠰᠡᠦ ᠪᠣᠯᠭᠤᠮᠵᠢᠲᠠᠢ ᠪᠠᠷ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃      ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠢᠴᠢ ᠬᠤᠰᠢᠭᠤᠨ ᠤ ᠰᠢᠭᠤᠳ ᠬᠠᠷᠢᠶᠠᠨ ᠳᠤ ᠬᠢ ᠰᠠᠯᠠᠭ᠎ᠠ ᠮᠥᠴᠢᠷ ᠤᠨ  ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ