ᠮᠠᠨ ᠤ ᠤᠷᠤᠨ ᠳᠤ 8.3 ᠲᠦᠮᠡ ᠰᠢᠬᠠᠮ ᠰᠢᠨ᠎ᠡ ᠡᠨᠧᠷᠭᠢ  ᠶᠢᠨ ᠮᠠᠰᠢᠨ ᠲᠡᠷᠭᠡ ᠲᠠᠢ ᠪᠤᠯᠪᠠ
ᠨᠡᠶᠢᠲᠡᠯᠡᠭᠰᠡᠨ ᠴᠠᠭ᠄
2023/11/21
   ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠳᠠ  ᠶᠢᠨ ᠲᠢᠩᠬᠢᠮ ᠠᠴᠠ ᠣᠶᠢᠯᠠᠭᠠᠭᠰᠠᠨ ᠢᠢᠡᠷ᠂ ᠮᠠᠨ ᠤ ᠤᠷᠤᠨ 2016 ᠤᠨ ᠠᠴᠠ ᠰᠢᠨ᠎ᠡ ᠡᠨᠧᠷᠭᠢ  ᠶᠢᠨ ᠮᠠᠰᠢᠨ ᠲᠡᠷᠭᠡ ᠶᠢᠨ ᠬᠡᠷᠡᠭᠯᠡᠭᠡ ᠢᠢ ᠢᠳᠡᠪᠬᠢᠳᠠᠢ ᠠᠬᠢᠭᠤᠯᠤᠭᠰᠠᠨ ᠢᠢᠡᠷ ᠤᠳᠤ ᠪᠦᠬᠦ ᠤᠷᠤᠨ ᠳᠤ ᠨᠡᠶᠢᠳᠡ 82998 ᠰᠢᠨ᠎ᠠ ᠡᠨᠧᠷᠬᠢ ᠶᠢᠨ ᠮᠠᠰᠢᠨ ᠲᠡᠷᠭᠡ ᠲᠠᠢ ᠪᠤᠯᠪᠠ᠃ ᠡᠳᠡᠭᠡᠷ ᠰᠢᠨ᠎ᠠ ᠡᠨᠧᠷᠬᠢ ᠶᠢᠨ ᠮᠠᠰᠢᠨ ᠲᠡᠷᠭᠡ ᠨᠦᠭᠦᠳ ᠨᠡᠶᠢᠲᠡ 27.19 ᠳ᠋ᠦᠩᠰᠢᠭᠤᠷ ᠺᠢᠯᠣᠮᠧᠲᠷ ᠠᠶᠠᠯᠠᠨ᠂ 11.37 ᠳ᠋ᠦᠩᠰᠢᠭᠤᠷ ᠭᠷᠠᠳᠦ᠋ᠰ ᠴᠠᠬᠢᠯᠭᠠᠨ ᠴᠡᠨᠡᠭᠯᠡᠵᠦ᠂ 3.16 ᠳ᠋ᠦᠩᠰᠢᠭᠤᠷ ᠯᠢᠲᠷ ᠰᠢᠳᠠᠮᠠᠬᠠᠢ ᠲᠣᠰᠣ  ᠶᠢ ᠤᠷᠤᠯᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠢᠢ 145.1 ᠲᠦᠮᠡᠨ ᠲᠣᠨ ᠪᠠᠭᠠᠰᠬᠠᠪᠠ᠃   ᠰᠢᠨ᠎ᠡ ᠡᠨᠧᠷᠭᠢ  ᠶᠢᠨ ᠮᠠᠰᠢᠨ ᠲᠡᠷᠭᠡ ᠢᠢ ᠬᠥᠭᠵᠢᠭᠦᠯᠬᠦ ᠪᠣᠯ ᠠᠭᠤᠷ ᠠᠮᠢᠰᠬᠤᠯ ᠤᠨ ᠬᠤᠪᠢᠷᠠᠯᠲᠠ  ᠶᠢ ᠠᠷᠭᠠᠴᠠᠭᠠᠬᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠥᠨ᠃ ᠣᠶᠢᠷ᠎ᠠ  ᠶᠢᠨ ᠵᠢᠯ ᠳᠤ ᠮᠠᠨ ᠤ ᠣᠷᠣᠨ ︽ᠰᠢᠨ᠎ᠡ ᠡᠨᠧᠷᠭᠢ  ᠶᠢᠨ ᠮᠠᠰᠢᠨ ᠲᠡᠷᠭᠡ  ᠶᠢ ᠳᠡᠯᠭᠡᠷᠡᠭᠦᠯᠦᠨ ᠬᠡᠷᠡᠭᠯᠡᠬᠦ  ᠶᠢ ᠲᠦᠷᠭᠡᠳᠭᠡᠬᠦ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠠᠯᠢ ᠤᠯᠠᠨ ᠲᠥᠷᠥ ᠶᠢᠨ ᠪᠣᠳᠣᠯᠭ᠎ᠠ  ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ᠂ ᠴᠠᠬᠢᠯᠭᠠᠨ ᠴᠡᠨᠡᠭᠯᠡᠬᠦ ᠰᠠᠭᠤᠷᠢ ᠲᠦᠬᠦᠭᠡᠷᠦᠮᠵᠢ  ᠶᠢᠨ ᠪᠥᠲᠥᠭᠡᠨ ᠪᠠᠶᠢᠭᠤᠯᠤᠯᠲᠠ  ᠶᠢ ᠲᠦᠷᠭᠡᠳᠭᠡᠨ ᠠᠬᠢᠭᠤᠯᠬᠤ᠂ ᠰᠢᠨ᠎ᠡ ᠡᠨᠧᠷᠭᠢ  ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ  ᠶᠢ ᠠᠬᠢᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠰᠢᠨ᠎ᠡ ᠡᠨᠧᠷᠭᠢ  ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠪᠦᠷᠢᠳᠬᠡᠯ ᠢᠶᠠᠷ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ ᠪᠦᠬᠦ ᠤᠷᠤᠨ ᠢᠶᠠᠷ ᠢᠶᠠᠨ ᠨᠡᠶᠢᠳᠡ 27850 ᠰᠢᠨ᠎ᠡ ᠡᠨᠧᠷᠭᠢ  ᠶᠢᠨ ᠮᠠᠰᠢᠨ ᠲᠡᠷᠭᠡ  ᠶᠢ ᠬᠡᠷᠡᠭᠯᠡᠭᠡᠨ ᠳᠤ ᠤᠷᠤᠭᠤᠯᠵᠤ᠂ ᠨᠢᠳᠤᠨᠤᠨ ᠤ ᠬᠢ ᠠᠴᠠ 27.9% ᠪᠠᠷ ᠨᠡᠮᠡᠭᠳᠡᠭᠰᠡᠨ ᠪᠠᠶᠢᠨ᠎ᠠ᠃   ᠡᠨᠡ ᠵᠢᠯ ᠤᠨ 4 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ  ᠶᠢᠨ ᠪᠥᠲᠥᠭᠡᠨ ᠪᠠᠶᠢᠭᠤᠯᠤᠯᠲᠠ  ᠶᠢᠨ ᠲᠢᠩᠬᠢᠮ ᠪᠠᠰᠠ ᠬᠤᠲᠠ ᠪᠠᠯᠭᠠᠰᠤ  ᠶᠢᠨ ᠰᠢᠨ᠎ᠡ ᠡᠨᠧᠷᠭᠢ  ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠦᠬᠦᠭᠡᠷᠦᠮᠵᠢ  ᠶᠢᠨ ᠪᠥᠲᠥᠭᠡᠨ ᠪᠠᠶᠢᠭᠤᠯᠤᠯᠲᠠ  ᠶᠢ ᠠᠬᠢᠭᠤᠯᠬᠤ ᠵᠢᠷᠭᠤᠭᠠᠨ ᠵᠦᠢᠯ ᠤᠨ ᠲᠥᠷᠥ  ᠶᠢᠨ ᠪᠣᠳᠣᠯᠭ᠎ᠠ ᠠᠷᠭ᠎ᠠ ᠬᠡᠮᠵᠢᠶ᠎ᠡ  ᠶᠢ ᠳᠤᠭᠳᠠᠭᠠᠵᠤ᠂ ᠬᠤᠲᠠ ᠪᠠᠯᠭᠠᠰᠤ  ᠶᠢᠨ ᠰᠢᠨ᠎ᠡ ᠡᠨᠧᠷᠭᠢ  ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠲᠦᠬᠦᠭᠡᠷᠦᠮᠵᠢ  ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠤᠳᠠᠳᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠡᠭᠦᠨ ᠳᠤ 2025 ᠣᠨ ᠪᠣᠯᠬᠤ ᠳᠤ᠂ ᠪᠥᠬᠦ ᠣᠷᠣᠨ ᠤ ᠪᠠᠷᠢᠮᠵᠢᠶᠠᠵᠢᠭᠰᠠᠨ ᠣᠯᠠᠨ ᠨᠡᠶᠢᠲᠡ ᠢᠢᠨ ᠴᠠᠬᠢᠯᠭᠠᠨ ᠴᠡᠨᠡᠭᠯᠡᠬᠦ ᠱᠣᠩ ᠬᠢᠭᠡᠳ ᠪᠠᠷᠢᠮᠵᠢᠶᠠᠵᠢᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ 1᠄ 3 ᠠᠴᠠ ᠳᠤᠤᠷ᠎ᠠ ᠪᠠᠶᠢᠯᠭᠠᠬᠤ ᠥᠬᠡᠶ ᠭᠡᠵᠤ ᠳᠤᠳᠤᠷᠬᠠᠢ ᠳᠤᠷᠠᠳᠴᠠᠢ᠃ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ  ᠶᠢᠨ ᠴᠠᠬᠢᠯᠭᠠᠨ ᠴᠡᠨᠡᠭᠯᠡᠬᠦ ᠲᠦᠬᠦᠭᠡᠷᠦᠮᠵᠢ   ᠶᠢ ᠲᠦᠷᠭᠡᠨ ᠬᠥᠭᠵᠢᠭᠦᠯᠬᠦ ᠣᠷᠣᠨ ᠢᠢᠡᠷ ᠵᠢᠭᠰᠠᠭᠠᠵᠤ᠂ ᠡᠨᠡ ᠵᠢᠯ 2 ᠲᠦᠮᠡᠨ ᠴᠠᠬᠢᠯᠭᠠᠨ ᠴᠡᠨᠡᠭᠯᠡᠬᠦ ᠱᠣᠩ ᠪᠠᠶᠢᠭᠤᠯᠬᠤ ᠡᠭᠦᠷᠭᠡ ᠢᠢ ᠪᠡᠶᠡᠯᠡᠭᠦᠯᠬᠦ ᠪᠤᠯᠤᠨ᠎ᠠ᠃ ᠡᠭᠦᠨ ᠳᠤ ᠬᠥᠬᠡᠬᠤᠲᠠ ᠳᠤ 8000᠂ ᠪᠤᠭᠤᠲᠤ ᠬᠤᠲᠠ ᠪᠠ ᠣᠷᠳᠣᠰ ᠬᠤᠲᠠ ᠳᠤ ᠲᠤᠰ ᠪᠦᠷᠢ 5000᠂ ᠤᠯᠠᠭᠠᠨᠬᠠᠳᠠ ᠬᠤᠲᠠ ᠳᠤ 2000  ᠢ ᠪᠠᠶᠢᠭᠤᠯᠬᠤ ᠪᠠᠷ ᠪᠤᠶ᠃ ᠪᠤᠰᠤᠳ ᠠᠶᠢᠮᠠᠭ ᠬᠤᠲᠠ ᠳᠤ ︽ᠵᠣᠬᠢᠰᠲᠠᠶ ᠪᠠᠷ ᠤᠷᠢᠳᠴᠢᠯᠠᠭᠤᠯᠬᠤ᠂ ᠲᠡᠩᠴᠡᠭᠦᠷᠢᠲᠡᠶ ᠪᠠᠶᠢᠷᠢᠰᠢᠭᠤᠯᠬᠤ᠂ ᠣᠶᠤᠨᠴᠢ ᠪᠥᠭᠡᠳ ᠥᠨᠳᠥᠷ ᠪᠦᠲᠦᠮᠵᠢᠲᠡᠶ ᠪᠠᠶᠢᠯᠭᠠᠬᠤ︾ ᠵᠠᠷᠴᠢᠮ ᠶᠤᠰᠤᠭᠠᠷ ᠡᠮᠬᠢ ᠵᠢᠷᠤᠮ ᠲᠠᠢ ᠠᠬᠢᠭᠤᠯᠬᠤ ᠪᠤᠯᠤᠨ᠎ᠠ᠃   ᠮᠠᠨ ᠤ ᠣᠷᠣᠨ ᠰᠢᠨ᠎ᠡ ᠡᠨᠧᠷᠭᠢ ᠢᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ  ᠶᠢ ᠠᠬᠢᠭᠤᠯᠬᠤ ᠲᠠᠯ᠎ᠠ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ  ᠶᠢᠨ ᠮᠠᠰᠢᠨ ᠲᠡᠷᠭᠡ ᠦᠢᠯᠡᠳᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠢᠢᠨ ᠬᠡᠷᠡᠭᠵᠢᠭᠦᠯᠬᠦ ᠲᠥᠰᠦᠯ︾ ᠤᠨ ᠲᠥᠯᠥᠪᠵᠢᠭᠦᠯᠭᠡ ᠶᠣᠰᠣᠭᠠᠷ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠪᠤᠯᠤᠨ ᠦᠬᠠᠶ ᠬᠤᠲᠠ ᠪᠠᠷ ᠭᠤᠤᠯᠳᠠᠯᠭ᠎ᠠ ᠪᠣᠯᠭᠠᠨ ᠂ ᠰᠢᠨ᠎ᠡ ᠡᠨᠧᠷᠭᠢ  ᠶᠢᠨ ᠮᠠᠰᠢᠨ ᠲᠡᠷᠭᠡ ᠦᠢᠯᠡᠳᠬᠦ ᠵᠢᠴᠢ ᠢᠵᠢ ᠪᠥᠷᠢᠳᠦᠭᠦᠯᠬᠦ ᠠᠵᠤ ᠦᠢᠯᠡᠰ ᠤᠨ ᠲᠥᠷᠥᠯ ᠵᠦᠢᠯ ᠢ ᠲᠥᠪᠯᠡᠷᠡᠭᠦᠯᠦᠨ ᠪᠠᠶᠢᠷᠢᠰᠢᠭᠤᠯᠵᠤ᠂ ᠬᠥᠳᠡᠯᠭᠡᠬᠦ ᠬᠦᠴᠦᠨ ᠤ ᠴᠡᠨᠡᠭ᠂ ᠴᠠᠬᠢᠯᠭᠠᠨ ᠮᠠᠰᠢᠨ᠂ ᠴᠠᠬᠢᠯᠭᠠᠨ ᠡᠵᠡᠮᠳᠡᠬᠦ ᠰᠢᠰᠲ᠋ᠧᠮ᠂ ᠬᠥᠳᠡᠯᠭᠡᠬᠦ ᠬᠦᠴᠦᠨ ᠤ ᠲᠤᠨᠤᠭ᠂ ᠢᠵᠢ ᠪᠥᠷᠢᠳᠦᠭᠦᠯᠬᠦ ᠰᠡᠯᠪᠢᠭ ᠲᠣᠨᠤᠭ ᠵᠢᠴᠢ ᠮᠠᠰᠢᠨ ᠲᠡᠷᠭᠡ ᠶᠢ ᠰᠤᠳᠤᠯᠤᠨ ᠦᠢᠯᠡᠳᠬᠦ ᠢᠢ ᠬᠠᠮᠤᠷᠤᠭᠰᠠᠨ ᠰᠢᠨ᠎ᠡ ᠡᠨᠧᠷᠭᠢ  ᠶᠢᠨ ᠮᠠᠰᠢᠨ ᠲᠡᠷᠭᠡᠨ ᠤ ᠪᠥᠬᠦ ᠠᠵᠤ ᠦᠢᠯᠡᠰ ᠤᠨ ᠬᠡᠯᠬᠢᠶ᠎ᠡ  ᠶᠢ ᠴᠤᠭᠴᠠᠯᠠᠵᠤ ᠪᠤᠢ᠃ ᠲᠦᠯᠦᠪᠯᠡᠭᠰᠡᠨ ᠢᠢᠡᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ ᠪᠦᠬᠦ ᠤᠷᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠤᠨ ᠴᠢᠳᠠᠪᠤᠷᠢ 10 ᠲᠦᠮᠡ ᠳᠤ ᠬᠦᠷᠴᠦ᠂ ᠦᠢᠯᠡᠳᠪᠦᠷᠢᠯᠡᠯ ᠤᠨ ᠴᠢᠳᠠᠪᠤᠷᠢ   ᠶᠢᠨ ᠠᠰᠢᠭᠯᠠᠯᠲᠠ ᠢᠢᠨ ᠨᠣᠷᠮ᠎ᠠ 50%  ᠶᠢ ᠳᠠᠪᠠᠨ᠂ ᠦᠢᠯᠡᠳᠬᠦᠨ ᠤ ᠥᠷᠲᠡᠭ ᠨᠢ 1000 ᠳ᠋ᠦᠩᠰᠢᠭᠤᠷ ᠲᠥᠭᠦᠷᠢᠭ ᠲᠤ ᠬᠦᠷᠬᠦ ᠪᠤᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ