ᠮᠠᠨ ᠤ ᠤᠷᠤᠨ ᠤ 61 ᠬᠤᠰᠢᠭᠤ ᠰᠢᠶᠠᠨ ᠲᠣᠭᠤᠷᠢᠭ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠳᠠ ᠶᠢᠨ ᠪᠠᠷᠢᠮᠵᠢᠶ᠎ᠠ ᠳᠤ ᠬᠦᠷᠴᠠᠢ
ᠨᠡᠶᠢᠲᠡᠯᠡᠭᠰᠡᠨ ᠴᠠᠭ᠄
2023/11/21
   ᠪᠤᠭᠤᠲᠤ ᠬᠤᠲᠠ ᠶᠢᠨ ᠪᠠᠶ᠋ᠬᠠᠤᠪᠤᠭ᠎ᠠ ᠠᠭᠤᠷᠬᠠᠶ ᠶᠢᠨ ᠣᠷᠣᠨ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠪᠤᠯᠤᠨ ᠣᠩᠨᠢᠭᠤᠳ ᠬᠤᠰᠢᠭᠤ᠂ ᠤᠯᠠᠭᠠᠨᠴᠠᠪ ᠬᠤᠲᠠ ᠶᠢᠨ ᠱᠠᠩᠳᠤ ᠰᠢᠶᠠᠨ᠂ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤ ᠵᠡᠷᠭᠡ 5 ᠬᠤᠰᠢᠭᠤ ᠰᠢᠶᠠᠨ ︵ᠲᠣᠭᠤᠷᠢᠭ ︶ ᠤᠰᠤᠨ ᠠᠰᠢᠭᠯᠠᠯᠲᠠ ᠶᠢᠨ ᠶᠠᠮᠤᠨ ᠤ ᠲᠦᠷᠦᠬᠦᠬᠡᠨ ᠨᠡᠶᠢᠳᠡᠯᠡᠭᠰᠡᠨ ᠵᠢᠷᠭᠤᠳᠤᠭᠠᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠭᠦᠷᠦᠭᠰᠡᠨ ᠰᠢᠶᠠᠨ ︵ᠲᠣᠭᠤᠷᠢᠭ︶ ᠤ ᠨᠡᠷᠡᠰ ᠲᠤ ᠤᠷᠤᠵᠤ᠂ ᠤᠳᠤ ᠮᠠᠨ ᠤ ᠤᠷᠤᠨ ᠤ 61 ᠬᠤᠰᠢᠭᠤ ᠰᠢᠶᠠᠨ ︵ᠲᠣᠭᠤᠷᠢᠭ︶ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠳᠠ ᠶᠢᠨ ᠪᠠᠷᠢᠮᠵᠢᠶ᠎ᠠ ᠳᠤ ᠬᠦᠷᠴᠠᠢ᠃   ᠤᠶᠢᠷ᠎ᠠ ᠶᠢᠨ ᠵᠢᠯ ᠳᠤ ᠮᠠᠨ ᠤ ᠤᠷᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠤ᠂ ᠤᠰᠤ ᠠᠷᠪᠢᠯᠠᠬᠤ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠤᠨ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠢᠳᠡᠪᠬᠢᠲᠡᠶ ᠰᠢᠢᠳᠪᠦᠷᠢᠯᠡᠭᠰᠡᠨ ᠪᠠᠶᠢᠨ᠎ᠠ᠃ ᠬᠠᠮᠢᠶ᠎ᠠ ᠪᠦᠬᠦᠢ ᠲᠤᠭ᠎ᠠ ᠪᠦᠷᠢᠳᠬᠡᠯ ᠢ ᠦᠨᠳᠦᠰᠦᠯᠡᠪᠡᠯ᠂ 2022 ᠣᠨ ᠤ ᠪᠥᠬᠦ ᠣᠷᠣᠨ ᠤ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ 193.47 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠲᠦᠮᠡᠨ ᠲᠥᠭᠦᠷᠢᠭ ᠤᠨ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠡᠬᠬᠡᠢ ᠦᠷᠲᠡᠭ ︵ᠲᠣᠰ ᠵᠢᠯ ᠤᠨ ᠦᠨ᠎ᠡ︶ ᠢ ᠪᠠᠶᠠᠯᠡᠭᠦᠯᠬᠦ ᠳᠤ ᠬᠡᠷᠡᠭᠯᠡᠭᠰᠡᠨ ᠤᠰᠤᠨ ᠤ ᠬᠡᠮᠵᠢᠶ᠎ᠠ 74.96 ᠪᠣᠰᠤᠭ᠎ᠠ ᠳᠥᠷᠪᠡᠯᠵᠢᠨ ᠮᠧᠲᠷ ᠪᠠᠶᠢᠵᠤ᠂ 2020 ᠣᠨ ᠤ ᠬᠢ ᠠᠴᠠ 8.9% ᠪᠠᠷ ᠪᠠᠭᠤᠷᠠᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ︵ᠲᠣᠰ ᠵᠢᠯ ᠤᠨ ᠦᠨ᠎ᠡ︶ ᠢ ᠪᠠᠶᠠᠯᠠᠬᠦᠯᠬᠦ ᠳᠤ ᠬᠡᠷᠡᠭᠯᠡᠬᠦ ᠤᠰᠤᠨ ᠤ ᠬᠡᠮᠵᠢᠶ᠎ᠡ 13.65 ᠪᠣᠰᠤᠭ᠎ᠠ ᠳᠥᠷᠪᠡᠯᠵᠢᠨ ᠮᠧᠲᠷ ᠪᠠᠶᠢᠵᠤ᠂ 2020 ᠣᠨ ᠤ ᠬᠢ ᠠᠴᠠ 13% ᠪᠠᠷ ᠪᠠᠭᠤᠷᠠᠪᠠ᠃   ᠮᠠᠨ ᠤ ᠤᠷᠤᠨ ᠤᠰᠤ ᠠᠷᠪᠢᠯᠠᠬᠤ ᠶᠢ ᠵᠣᠬᠢᠴᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠢᠳᠡᠪᠬᠢᠲᠡᠶ ᠪᠠᠶᠢᠭᠤᠯᠵᠤ᠂ ᠤᠤᠯ ᠤᠨ 22 ᠰᠠᠯᠠᠭ᠎ᠠ ᠮᠥᠴᠢᠷ ᠤᠨ ᠣᠷᠣᠯᠴᠠᠭᠰᠠᠨ ᠤᠰᠤ ᠠᠷᠪᠢᠯᠠᠬᠤ ᠠᠵᠢᠯᠯᠠᠭ᠎ᠠ ᠶᠢᠨ ᠲᠢᠩᠬᠢᠮ ᠲᠤᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠰᠠᠭᠤᠷᠢᠨ ᠳᠡᠭᠡᠷ᠎ᠡ᠂ ᠡᠨᠡ ᠵᠢᠯ 15 ᠰᠠᠯᠠᠭ᠎ᠠ ᠮᠥᠴᠢᠷ ᠢᠶᠠᠷ ᠪᠦᠷᠢᠯᠳᠦᠬᠦᠨ ᠨᠢᠭᠡᠴᠢ ᠪᠣᠯᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠲᠤᠰᠬᠠᠶ ᠳᠤᠭᠤᠶᠢᠯᠠᠩ︾ ᠢ ᠪᠠᠶᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠪᠥᠬᠦ ᠲᠠᠯ᠎ᠠ ᠪᠠᠷ ᠨᠢᠭᠡᠳᠦᠯᠲᠡᠶ ᠲᠥᠯᠥᠪᠵᠢᠭᠦᠯᠦᠨ ᠠᠬᠢᠭᠤᠯᠤᠭᠰᠠᠨ ᠪᠠᠶᠢᠨ᠎ᠠ᠃ ᠡᠬᠦᠨ ᠤ ᠬᠠᠮᠳᠤ ᠤᠰᠤ ᠠᠷᠪᠢᠯᠠᠬᠤ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠶᠡᠭᠡ ᠳᠡᠭᠡᠳᠦ ᠰᠤᠷᠭᠠᠭᠤᠯᠢ ᠶᠢᠨ ᠤᠰᠤ ᠠᠷᠪᠢᠯᠠᠬᠤ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠵᠡᠷᠭᠡ ᠲᠦᠷᠢᠮ ᠢ ᠲᠣᠭᠲᠠᠭᠠᠪᠠ᠃ 2019 ᠣᠨ ᠠᠴᠠ ᠨᠠᠭᠠᠰᠢ 4 ᠵᠢᠯ ᠳᠠᠷᠠᠭᠠᠯᠠᠨ ᠲᠥᠪ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠠᠯᠠ ᠮᠥᠩᠭᠦ ᠠᠴᠠ ᠤᠰᠤ ᠠᠷᠪᠢᠯᠠᠬᠤ ᠨᠥᠬᠦᠪᠥᠷᠢ ᠪᠠᠯᠠ ᠮᠥᠩᠭᠦ ᠶᠢ ᠬᠤᠷᠠᠮᠳᠤᠭᠤᠯᠵᠤ᠂ ᠰᠢᠶᠠᠨ ᠤ ᠬᠡᠪᠴᠢᠶᠡᠨ ᠳᠠᠬᠢ ᠤᠰᠤ ᠠᠷᠪᠢᠯᠠᠬᠤ ᠨᠥᠬᠦᠪᠥᠷᠢ ᠪᠠᠯᠠ ᠮᠥᠩᠭᠦ ᠶᠢ ᠨᠡᠶᠢᠲᠡ 8423 ᠲᠦᠮᠡᠨ ᠲᠥᠭᠦᠷᠢᠭ ᠪᠠᠭᠤᠯᠭᠠᠨ᠂ ᠬᠥᠬᠡᠬᠤᠲᠠ᠂ ᠪᠤᠭᠤᠲᠤ ᠬᠤᠲᠠ᠂ ᠦᠬᠠᠶ ᠬᠤᠲᠠ ᠪᠣᠯᠤᠨ ᠣᠷᠳᠣᠰ ᠬᠤᠲᠠ ᠳᠤ ᠨᠡᠶᠢᠲᠡᠯᠢᠭ ᠭᠠᠵᠠᠷ ᠣᠷᠣᠨ ᠤ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠲᠤᠷᠰᠢᠯᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠨᠡᠶᠢᠲᠡ 602 ᠲᠦᠮᠡᠨ ᠲᠥᠭᠦᠷᠢᠭ ᠪᠠᠭᠤᠯᠭᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ