ᠠᠵᠤ ᠠᠬᠤᠢ ᠶᠢᠨ ᠲᠠᠯ᠎ᠠ ᠪᠠᠷ ᠬᠦᠴᠢᠷᠳᠡᠯᠲᠡᠢ ᠪᠥᠭᠡᠳ ᠴᠢᠳᠠᠪᠤᠷᠢ ᠪᠠᠨ ᠠᠯᠳᠠᠭᠰᠠᠨ ᠨᠠᠰᠤᠲᠠᠳ ᠢ ᠲᠥᠪᠯᠡᠷᠡᠭᠦᠯᠦᠨ ᠠᠰᠠᠷᠠᠨ ᠬᠠᠷᠠᠭᠠᠯᠵᠠᠬᠤ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠣᠶᠢᠷ᠎ᠠ ᠳᠤ ᠡᠯ᠎ᠡ | ᠠᠶᠢᠮᠠᠭ ᠬᠤᠲᠠ ᠳᠤ 8418 ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠵᠤ᠂ ᠡᠨᠡᠬᠦ ᠲᠠᠯ᠎ᠠ ᠶᠢᠨ ᠦᠯᠡᠴᠢᠯᠡᠭᠡᠨ ᠤ ᠲᠠᠪᠰᠢᠭᠰᠠᠨ ᠵᠠᠭᠪᠤᠷ | ᠬᠢᠭᠡᠳ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠰᠦᠪᠡᠭᠴᠢᠯᠡᠨ ᠪᠠᠶᠢᠭᠤᠯᠵᠤ᠂ ᠪᠥᠬᠦ ᠣᠷᠣᠨ ᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠶᠢ ᠵᠤᠷᠢᠵᠠᠢ᠃ | ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠲᠥᠪ ᠤᠨ ᠡᠳ᠋ ᠤᠨ ᠵᠠᠰᠠᠭ ᠠᠴᠠ ᠠᠵᠤ | ᠠᠬᠤᠢ ᠶᠢᠨ ᠲᠠᠯ᠎ᠠ ᠪᠠᠷ ᠬᠦᠴᠢᠷᠳᠡᠯᠲᠡᠢ ᠪᠥᠭᠡᠳ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠠᠰᠠᠷᠠᠨ ᠬᠠᠷᠠᠭᠠᠯᠵᠠᠬᠤ | ᠦᠢᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠᠷ ᠭᠤᠤᠯ ᠪᠣᠯᠭᠠᠵᠤ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ | ᠵᠢᠯᠤᠭᠤᠳᠴᠤ ᠤᠷᠮᠠᠰᠢᠭᠤᠯᠬᠤ ᠦᠢᠯᠡᠳᠦᠯ ᠢ ᠪᠠᠳᠠᠷᠠᠭᠤᠯᠤᠨ᠂ ᠣᠷᠣᠨ ᠨᠤᠲᠤᠭ ᠤᠨ ᠬᠢᠨ ᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠳᠡᠮᠵᠢᠵᠦ᠂ ᠠᠵᠤ ᠠᠬᠤᠢ ᠶᠢᠨ ᠲᠠᠯ᠎ᠠ ᠪᠠᠷ ᠬᠦᠴᠢᠷᠳᠡᠯᠲᠡᠢ ᠪᠥᠭᠡᠳ | ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ | ᠠᠬᠤᠢ ᠶᠢᠨ ᠲᠠᠯ᠎ᠠ ᠪᠠᠷ ᠬᠦᠴᠢᠷᠳᠡᠯᠲᠡᠢ ᠪᠥᠭᠡᠳ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠠᠰᠠᠷᠠᠨ ᠬᠠᠷᠠᠭᠠᠯᠵᠠᠬᠤ | ᠦᠢᠯᠡᠴᠢᠯᠡᠭᠡᠨ ᠤ ᠠᠵᠢᠯ ᠢ ᠳᠡᠮᠵᠢᠵᠦ᠂ ︽ᠤᠷᠢᠳᠴᠢᠯᠠᠨ ᠦᠨᠡᠯᠡᠨ ᠵᠢᠱᠢᠬᠦ᠂ ᠤᠷᠢᠳᠠᠪᠠᠷ ᠣᠷᠣᠵᠤ ᠰᠠᠭᠤᠬᠤ᠂ ᠳᠠᠷᠠᠭ᠎ᠠ ᠨᠢ ᠠᠪᠤᠷᠠᠨ ᠲᠤᠰᠠᠯᠠᠬᠤ︾ | ᠠᠵᠢᠯ ᠤᠨ ᠠᠯᠬᠤᠮ ᠳᠠᠷᠠᠭ᠎ᠠ ᠪᠠᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠣᠷᠣᠵᠤ ᠰᠠᠭᠤᠭᠰᠠᠨ ᠠᠵᠤ ᠠᠬᠤᠢ ᠶᠢᠨ ᠲᠠᠯ᠎ᠠ ᠪᠠᠷ | ᠬᠦᠴᠢᠷᠳᠡᠯᠲᠡᠢ ᠪᠥᠭᠡᠳ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠠᠪᠤᠷᠠᠨ ᠲᠤᠰᠠᠯᠠᠬᠤ ᠬᠡᠷᠡᠭᠲᠡᠢ᠃ | ᠳᠠᠷᠠᠭᠠᠴᠢ ᠪᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡ ᠮᠥᠩᠭᠦ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ᠬᠦᠴᠢᠷᠳᠡᠯᠲᠡᠢ ᠣᠯᠠᠨ ᠲᠦᠮᠡᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯ᠎ᠠ ᠪᠠᠷ ᠬᠢ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ | ᠨᠡᠮᠡᠭᠳᠡᠭᠦᠯᠦᠨ᠎ᠡ᠃ |