11 ᠳ᠋ᠦ᠋ᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ | ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠵᠠᠷᠯᠠᠨ ᠮᠡᠳᠡᠭᠳᠡᠪᠡ᠃ | ᠤᠤᠯ ᠤᠨ ︽ᠳᠦᠷᠢᠮ︾ ᠨᠢ ᠨᠡᠶᠢᠲᠡ 42 ᠵᠤᠷᠪᠤᠰ ᠪᠠᠶᠢᠵᠤ᠂ ᠲᠣᠰ ᠤᠳᠠᠭ᠎ᠠ ᠨᠡᠶᠢᠲᠡ 23 ᠵᠤᠷᠪᠤᠰ ᠲᠤ ᠵᠠᠰᠠᠪᠤᠷᠢ ᠣᠷᠣᠭᠤᠯᠵᠤ᠂ 1 ᠵᠤᠷᠪᠤᠰ ᠢ | ᠬᠠᠰᠤᠵᠤ᠂ 3 ᠵᠤᠷᠪᠤᠰ ᠨᠡᠮᠡᠪᠡ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠦᠷᠢᠮ︾ ᠨᠢ ᠨᠡᠶᠢᠲᠡ 44 ᠵᠤᠷᠪᠤᠰ ᠲᠠᠢ᠂ 12 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠵᠦ ᠬᠡᠷᠡᠭᠵᠢᠭᠦᠯᠦᠭᠳᠡᠨ᠎ᠡ᠃ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠹᠦ᠋ ᠯᠢᠩ ᠲᠤᠤ᠂ | ᠵᠠᠰᠠᠪᠤᠷᠢ ᠣᠷᠣᠭᠤᠯᠤᠭᠰᠠᠨ ᠠᠭᠤᠯᠭ᠎ᠠ ᠨᠢ ᠭᠤᠣᠯᠳᠠᠭᠤ ᠠᠵᠤ ᠦᠢᠯᠡᠰ ᠢᠶᠠᠷ ᠳᠠᠶᠢᠴᠢᠯᠠᠬᠤ᠂ ᠪᠡᠯᠡ ᠮᠥᠩᠭᠦ ᠪᠠᠷ ᠲᠡᠳᠬᠦᠬᠦ ᠪᠠ ᠦᠢᠯᠡᠴᠢᠯᠡᠭᠡᠨ ᠤ | ᠪᠠᠲᠤᠯᠠᠭ᠎ᠠ ᠵᠡᠷᠭᠡ ᠭᠤᠷᠪᠠᠨ ᠲᠠᠯ᠎ᠠ ᠳᠤ ᠢᠯᠡᠷᠡᠵᠦ ᠪᠠᠶᠢᠨ᠎ᠠ᠃ ᠡᠭᠦᠨ ᠳᠤ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠬᠢᠮᠡᠯ ᠣᠶᠣᠨ ᠢ ᠡᠯ᠎ᠡ ᠠᠵᠤ | ᠦᠢᠯᠡᠰ ᠲᠠᠢ ᠭᠦᠨᠵᠡᠭᠡᠢ ᠠᠭᠤᠰᠤᠯᠴᠠᠭᠤᠯᠤᠨ ᠪᠣᠶ ᠪᠣᠯᠭᠠᠭᠰᠠᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ | ᠲᠡᠳᠬᠦᠵᠦ᠂ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠪᠴᠢᠶᠡᠨ ᠳᠤ | ᠣᠷᠣᠭᠤᠯᠵᠤ᠂ ᠣᠯᠠᠨ ᠠᠷᠭ᠎ᠠ᠂ ᠣᠯᠠᠨ ᠬᠡᠯᠪᠡᠷᠢ ᠪᠠᠷ ᠠᠵᠢᠯ ᠤᠨ ᠪᠠᠶᠢᠷᠢ ᠶᠢ ᠨᠡᠮᠡᠭᠳᠡᠭᠦᠯᠬᠦ ᠶᠢ ᠲᠣᠳᠣᠷᠬᠠᠶᠢᠯᠠᠪᠠ︔ ᠠᠵᠢᠯ ᠣᠯᠭᠤᠯᠲᠠ ᠶᠢᠨ ᠨᠥᠬᠦᠪᠦᠷᠢ | ᠪᠡᠯᠡ ᠮᠥᠩᠭᠦ ᠶᠢ ᠬᠡᠷᠡᠭᠯᠡᠬᠦ ᠬᠡᠪᠴᠢᠶ᠎ᠡ ᠶᠢ ᠲᠣᠬᠢᠷᠠᠭᠤᠯᠵᠤ᠂ ᠨᠢᠭᠡ ᠯᠡ ᠤᠳᠠᠭ᠎ᠠ ᠳᠤ ᠣᠯᠭᠤᠬᠤ ᠦᠢᠯᠡᠰ ᠪᠣᠰᠬᠠᠭᠰᠠᠨ ᠨᠥᠬᠦᠪᠦᠷᠢ᠂ ᠠᠵᠢᠯ ᠡᠷᠢᠵᠦ | ᠦᠢᠯᠡᠰ ᠪᠣᠰᠬᠠᠭᠰᠠᠨ ᠨᠥᠬᠦᠪᠦᠷᠢ᠂ ᠠᠵᠢᠯ ᠣᠯᠵᠤ ᠦᠢᠯᠡᠰ ᠪᠣᠰᠬᠠᠭᠰᠠᠨ ᠦᠢᠯᠡᠴᠢᠯᠡᠭᠡᠨ ᠤ ᠨᠥᠬᠦᠪᠦᠷᠢ᠂ ᠳᠡᠭᠡᠳᠦ ᠮᠡᠷᠭᠡᠵᠢᠯᠲᠦ ᠴᠢᠳᠠᠪᠤᠷᠢᠲᠠᠨ ᠢ | ᠬᠥᠮᠥᠵᠢᠭᠦᠯᠦᠭᠰᠡᠨ ᠨᠥᠬᠦᠪᠦᠷᠢ ᠵᠡᠷᠭᠡ ᠶᠢ ᠨᠡᠮᠡᠨ ᠣᠷᠣᠭᠤᠯᠵᠤ᠂ ᠦᠢᠯᠡᠰ ᠪᠣᠰᠬᠠᠬᠤ ᠶᠢ ᠳᠡᠮᠵᠢᠬᠦ ᠪᠠᠨ ᠲᠤᠪᠤᠶᠢᠯᠭᠠᠪᠠ︔ ᠵᠠᠰᠠᠭ ᠤᠨ ᠣᠷᠳᠣᠨ ᠠᠴᠠ | ᠨᠥᠬᠦᠪᠦᠷᠢ ᠥᠭᠭᠦᠭᠰᠡᠨ ᠮᠡᠷᠭᠡᠵᠢᠯ ᠤᠨ ᠪᠣᠯᠪᠠᠰᠤᠷᠠᠯ ᠤᠨ ᠲᠥᠰᠥᠯ ᠢ ᠪᠦᠬᠦᠨ ᠢ ᠬᠢᠷᠢ ᠬᠡᠮ ᠪᠦᠬᠦᠢ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ | ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠳᠤ ᠨᠡᠭᠡᠭᠡᠯᠲᠡ ᠲᠠᠢ ᠪᠣᠯᠭᠠᠨ᠎ᠠ᠂ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ | ᠠᠮᠢᠳᠤᠯᠢᠭ ᠢᠶᠠᠷ ᠠᠵᠢᠯ ᠣᠯᠣᠭᠰᠠᠳ ᠬᠤᠪᠢ ᠬᠥᠮᠥᠨ ᠤ ᠨᠡᠷ᠎ᠡ ᠪᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠷ ᠭᠤᠶᠤᠴᠢᠯᠠᠵᠤ ᠪᠣᠯᠣᠨ᠎ᠠ᠂ | ᠲᠠᠪᠴᠠᠩ ᠤᠨ ᠠᠵᠤ ᠠᠬᠤᠶᠢᠯᠠᠯ ᠨᠢ ᠰᠢᠨ᠎ᠡ ᠬᠡᠯᠪᠡᠷᠢ ᠪᠠᠷ ᠠᠵᠢᠯ ᠣᠯᠣᠭᠰᠠᠳ ᠤᠨ ᠠᠵᠢᠯ ᠤᠨ ᠭᠡᠮᠲᠦᠯ ᠤᠨ ᠪᠠᠲᠤᠯᠠᠭ᠎ᠠ ᠳᠤ ᠣᠷᠣᠯᠴᠠᠵᠤ᠂ | ᠲᠠᠪᠴᠠᠩ ᠤᠨ ᠠᠵᠤ ᠠᠬᠤᠶᠢᠯᠠᠯ ᠤᠨ ᠰᠢᠨ᠎ᠡ ᠬᠡᠯᠪᠡᠷᠢ ᠪᠠᠷ ᠠᠵᠢᠯ ᠣᠯᠣᠭᠰᠠᠳ ᠲᠤ ᠭᠡᠨᠡᠳᠲᠡ ᠶᠢᠨ ᠭᠡᠮᠲᠦᠯ ᠤᠨ ᠳᠠᠭᠠᠳᠬᠠᠯ᠂ ᠬᠥᠯᠥᠰᠦᠯᠡᠭᠴᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠵᠡᠷᠭᠡ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠴᠤ ᠥᠭᠬᠦ ᠶᠢ ᠵᠣᠷᠢᠭᠵᠢᠭᠤᠯᠤᠨ᠎ᠠ ᠭᠡᠵᠦ ᠢᠯᠡᠷᠬᠡᠶᠢᠯᠡᠵᠡᠢ᠃ | ︽ᠳᠦᠷᠢᠮ︾ ᠳᠤ ᠵᠠᠰᠠᠪᠤᠷᠢ ᠣᠷᠣᠭᠤᠯᠤᠭᠰᠠᠨ ᠨᠢ ᠥᠪᠥᠷ ᠮᠣᠩᠭᠤᠯ ᠤᠨ ᠠᠵᠢᠯ ᠣᠯᠭᠤᠯᠲᠠ ᠶᠢᠨ ᠠᠵᠢᠯ ᠪᠠ ᠬᠠᠤᠯᠢᠵᠢᠯ ᠤᠨ ᠲᠦᠪᠰᠢᠨ ᠰᠢᠨ᠎ᠡ | ᠨᠢᠭᠡᠨ ᠬᠥᠭᠵᠢᠯᠲᠡ ᠶᠢᠨ ᠴᠠᠭ ᠦᠶ᠎ᠡ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠳᠠᠷᠠᠭ᠎ᠠ ᠪᠠᠷ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ︽ᠳᠦᠷᠢᠮ︾ ᠢ ᠰᠤᠷᠤᠯᠴᠠᠬᠤ᠂ ᠤᠬᠠᠭᠤᠯᠬᠤ᠂ ᠲᠤᠭᠤᠰᠢᠯᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ︽ | ᠳᠦᠷᠢᠮ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ | |