ᠣᠷᠠᠳ ᠤᠨ ᠡᠮᠦᠨᠡᠲᠤ ᠬᠤᠰᠢᠭᠤᠨ ᠤ ᠦᠨᠳᠦᠰᠦᠲᠡᠨ ᠤ ᠨᠡᠶᠢᠭᠡᠮ ᠲᠣᠭᠤᠷᠢᠭ ᠰᠦᠷᠳᠡᠭᠦᠯᠦᠯ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/23
   ᠰᠦᠷᠳᠡᠭᠦᠯᠦᠯ ᠢ ᠡᠰᠡᠷᠭᠦᠴᠡᠬᠦ ᠮᠡᠳᠡᠯᠭᠡ ᠶᠢᠨ ᠤᠬᠠᠭᠤᠯᠭ᠎ᠠ ᠶᠢ ᠤᠯᠠᠮ ᠨᠢᠭᠡ ᠴᠢᠩᠭᠠᠳᠬᠠᠨ᠂ ᠥᠷᠭᠡᠨ ᠣᠯᠠᠨ ᠰᠠᠭᠤᠭᠠᠯᠢ ᠠᠷᠠᠳ ᠤᠨ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 22 ᠤᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠦᠷᠳᠡᠭᠦᠯᠦᠯ ᠢ ᠡᠰᠡᠷᠭᠦᠴᠡᠬᠦ ᠶᠡᠭᠡ ᠠᠩᠭᠢ ᠪᠠ ᠦᠨᠳᠦᠰᠦᠲᠡᠨ ᠤ ᠨᠡᠶᠢᠭᠡᠮ ᠲᠣᠭᠤᠷᠢᠭ ᠬᠠᠮᠲᠤᠷᠠᠨ ᠰᠦᠷᠳᠡᠭᠦᠯᠦᠯ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠷᠠᠳ ᠤᠨ ᠴᠠᠭᠳᠠᠭ᠎ᠠ ᠠᠴᠠ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠪᠠ ᠰᠠᠭᠤᠭᠠᠯᠢ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠶᠢ ᠲᠥᠬᠦᠮ ᠣᠶᠢᠯᠠᠭᠠᠮᠵᠢᠲᠠᠶ ᠦᠭᠡ ᠶᠠᠷᠢᠶ᠎ᠠ ᠪᠠᠷ ᠣᠳᠣᠬᠠᠨ ᠤ ᠰᠦᠷᠳᠡᠭᠦᠯᠦᠯ ᠢ ᠡᠰᠡᠷᠭᠦᠴᠡᠬᠦ ᠪᠠᠶᠢᠳᠠᠯ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠠᠢ ᠣᠶᠠᠯᠳᠣᠭᠤᠯᠣᠨ ᠪᠠᠶᠢᠩᠭᠤ ᠲᠣᠬᠢᠶᠠᠯᠳᠤᠳᠠᠭ ᠰᠦᠷᠳᠡᠭᠦᠯᠦᠯ ᠤᠨ ᠲᠠᠭᠠᠷᠢᠯᠲᠠ ᠶᠢᠨ ᠠᠷᠭ᠎ᠠ ᠪᠠᠷᠢᠯ ᠢ ᠲᠠᠶᠢᠯᠪᠤᠷᠢᠯᠠᠨ ᠥᠭᠴᠦ᠂ ᠰᠦᠷᠳᠡᠭᠦᠯᠬᠦ ᠠᠵᠢᠯᠯᠠᠭ᠎ᠠ ᠶᠢ ᠲᠦᠭᠡᠮᠡᠯᠵᠢᠭᠦᠯᠬᠦ ᠭᠤᠤᠯ ᠲᠥᠷᠥᠯ ᠬᠡᠯᠪᠡᠷᠢ᠂ ᠨᠡᠶᠢᠭᠡᠮ ᠤᠨ ᠬᠤᠤᠷ ᠬᠥᠨᠥᠭᠡᠯᠲᠦ ᠴᠢᠨᠠᠷ ᠵᠢᠴᠢ ᠪᠠᠴᠢᠮ ᠪᠠᠶᠢᠳᠠᠯ ᠤᠨ ᠳᠤᠤᠷ᠎ᠠ ᠬᠡᠷᠬᠢᠨ ᠥᠪᠡᠷ ᠢ ᠪᠠᠨ ᠠᠪᠤᠷᠬᠠᠤ᠂ ᠬᠠᠷᠢᠯᠴᠠᠨ ᠠᠪᠤᠷᠬᠠᠤ ᠪᠠ ᠲᠤᠬᠠᠶ ᠶᠢᠨ ᠲᠠᠯᠠᠪᠤᠷ ᠠᠴᠠ ᠳᠤᠲᠠᠭᠠᠬᠤ ᠵᠡᠷᠭᠡ ᠶᠡᠷᠦ ᠶᠢᠨ ᠮᠡᠳᠡᠯᠭᠡ ᠶᠢ ᠨᠢᠭᠡᠳ ᠨᠢᠭᠡᠳ ᠪᠠᠷ ᠲᠠᠶᠢᠯᠪᠤᠷᠢᠯᠠᠵᠠᠶ᠃   ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠷᠠᠳ ᠤᠨ ᠡᠮᠦᠨᠡᠲᠤ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠢ ᠣᠳᠣᠬᠠᠨ ᠤ ᠰᠦᠷᠳᠡᠭᠦᠯᠦᠯ ᠢ ᠡᠰᠡᠷᠭᠦᠴᠡᠬᠦ ᠪᠠᠶᠢᠳᠠᠯ ᠪᠠ ᠰᠦᠷᠳᠡᠭᠦᠯᠦᠯ ᠤᠨ ᠠᠵᠢᠯᠯᠠᠭ᠎ᠠ ᠶᠢᠨ ᠣᠨᠴᠠᠯᠢᠭ ᠲᠤ ᠰᠢᠨ᠎ᠡ ᠲᠠᠨᠢᠯᠲᠠ ᠲᠠᠢ ᠪᠣᠯᠭᠠᠵᠤ᠂ ᠣᠯᠠᠨ ᠲᠦᠮᠡᠨ ᠤ ᠰᠦᠷᠳᠡᠭᠦᠯᠦᠯ ᠤᠨ ᠬᠦᠴᠦᠷᠬᠡᠭᠯᠡᠯ ᠤᠨ ᠬᠡᠷᠡᠭ ᠢ ᠰᠡᠷᠭᠡᠶᠢᠯᠡᠬᠦ ᠤᠬᠠᠮᠰᠠᠷ ᠢ ᠦᠨᠡᠨ ᠬᠦ ᠴᠢᠩᠭᠠᠷᠠᠭᠤᠯᠵᠤ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠠᠮᠤᠷ ᠲᠦᠪᠰᠢᠨ ᠢ ᠬᠠᠮᠠᠭᠠᠯᠠᠬᠤ ᠠᠷᠭ᠎ᠠ ᠶᠢ ᠡᠵᠡᠮᠰᠢᠭᠦᠯᠦᠨ᠂ ᠣᠯᠠᠨ ᠲᠦᠮᠡᠨ ᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠨᠡᠶᠢᠭᠡᠮ ᠤᠨ ᠠᠮᠤᠷ ᠲᠦᠪᠰᠢᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ