ᠡᠪᠦᠯ ᠤᠨ ᠤᠯᠠᠷᠢᠯ ᠳᠤ᠂ ᠤᠯᠠᠭᠠᠨᠰᠤᠬᠠᠢ ᠶᠢᠨ ᠡᠷᠭᠢ ᠳᠠᠭᠠᠤ ᠶᠢᠨ ᠬᠤᠯᠤᠰᠤ ᠰᠠᠯᠬᠢᠨ ᠤ ᠠᠶ᠎ᠠ ᠪᠠᠷ ᠨᠠᠶᠢᠭᠤᠵᠤ᠂ ᠨᠣᠭᠤᠭᠠᠨ ᠲᠣᠯᠣᠭᠠᠶᠢᠲᠤ | ᠨᠤᠭᠤᠰᠤ᠂ ᠤᠯᠠᠭᠠᠨ ᠬᠤᠰᠢᠭᠤᠲᠤ ᠨᠤᠭᠤᠰᠤ ᠠᠭᠠᠷ ᠲᠤ ᠬᠠᠯᠢᠨ ᠨᠢᠰᠬᠦ ᠪᠤᠶᠤ ᠨᠠᠭᠤᠷ ᠲᠤ ᠲᠠᠪᠠᠲᠠᠢ ᠤᠮᠪᠠᠨ᠎ᠠ᠃ ᠮᠠ ᠬᠠᠢ ᠮᠢᠩ ᠦᠷᠭᠦᠯᠵᠢ ᠳᠠᠩ | ᠤᠷᠪᠠᠭᠤ ᠵᠢᠷᠤᠭ ᠤᠨ ᠮᠠᠰᠢᠨ ᠪᠠᠷᠢᠵᠤ ᠰᠢᠪᠠᠭᠤ ᠶᠢ ᠠᠵᠢᠭᠯᠠᠳᠠᠭ᠃ ᠰᠢᠪᠠᠭᠤ ᠶᠢ ᠬᠠᠶᠢᠷᠠᠯᠠᠵᠤ ᠬᠠᠮᠠᠭᠠᠯᠠᠬᠤ ᠪᠣᠯ ᠲᠡᠭᠦᠨ ᠤ ᠤᠳᠠᠭᠠᠨ ᠵᠢᠯ ᠬᠤᠪᠢᠷᠠᠰᠢ | ᠦᠭᠡᠢ ᠪᠠᠷᠢᠮᠲᠠᠯᠠᠯ ᠪᠣᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠬᠢᠯᠢ ᠳᠣᠲᠣᠷᠠᠬᠢ | ᠤᠯᠠᠭᠠᠨᠰᠤᠬᠠᠢ ᠨᠠᠭᠤᠷ ᠪᠣᠯ ᠬᠠᠲᠤᠨ ᠭᠤᠤᠯ ᠤᠨ ᠰᠠᠪᠠ ᠭᠠᠵᠠᠷ ᠤᠨ ᠬᠠᠮᠤᠭ ᠤᠨ ᠶᠡᠭᠡ ᠨᠠᠭᠤᠷ ᠴᠥᠭᠦᠷᠥᠮ ᠤᠨ ᠨᠤᠭᠤ ᠭᠠᠵᠠᠷ ᠪᠣᠯᠤᠨ᠎ᠠ᠃ 56 | ᠨᠠᠰᠤᠲᠠᠶ ᠮᠠ ᠬᠠᠶ ᠮᠢᠩ ᠤᠯᠠᠭᠠᠨᠰᠤᠬᠠᠢ ᠨᠠᠭᠤᠷ ᠤᠨ ᠬᠥᠪᠡᠭᠡᠨ ᠳᠤ ᠥᠰᠴᠡᠶ᠃ 1986 ᠣᠨ ᠳᠤ᠂ ᠮᠠ ᠬᠠᠢ ᠮᠢᠩ ᠲᠤᠬᠠᠢ ᠶᠢᠨ ᠦᠶ᠎ᠡ ᠶᠢᠨ | ᠤᠯᠠᠭᠠᠨᠰᠤᠬᠠᠢ ᠵᠢᠭᠠᠰᠤᠨ ᠲᠠᠯᠠᠪᠠᠢ ᠶᠢᠨ ᠬᠤᠶᠠᠳᠤᠭᠠᠷ ᠬᠤᠪᠢᠶᠠᠷᠢ ᠲᠠᠯᠠᠪᠠᠢ ᠳᠤ ᠵᠢᠭᠠᠰᠤᠨ ᠠᠵᠤ ᠠᠬᠤᠢ ᠶᠢᠨ ᠠᠵᠢᠯ ᠬᠢᠪᠡ᠃ | | | | | ( ᠵᠢᠷᠤᠭ ᠢ ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠵᠠᠩ ᠴᠧᠩ ᠰᠡᠭᠦᠳᠡᠷᠯᠡᠪᠡ) | | ᠳᠡᠭᠡᠷ᠎ᠡ ᠵᠠᠭᠤᠨ ᠤ ᠶᠡᠷᠡᠭᠡᠳ ᠣᠨ ᠳᠤ᠂ ᠤᠯᠠᠭᠠᠨᠰᠤᠬᠠᠢ ᠨᠠᠭᠤᠷ ᠤᠨ ᠣᠷᠣᠨ ᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠲᠠᠰᠤᠷᠠᠯᠲᠠ ᠥᠬᠡᠶ | ᠨᠡᠮᠡᠭᠳᠡᠵᠦ᠂ ᠤᠰᠤᠨ ᠤ ᠴᠢᠨᠠᠷ ᠲᠠᠰᠤᠷᠠᠯᠲᠠ ᠥᠬᠡᠶ ᠪᠠᠭᠤᠷᠠᠵᠤ᠂ ᠴᠢᠨᠠᠭᠰᠢᠯᠠᠪᠠᠯ ᠨᠢᠭᠡ ᠦᠶ᠎ᠡ ᠮᠠᠭᠤᠵᠢᠷᠠᠭᠠᠳ V ᠳᠡᠰ ᠬᠦᠷᠦᠭᠰᠡᠨ ᠪᠠᠶᠢᠨ᠎ᠠ᠃ | 1998 ᠣᠨ ᠳᠤ᠂ ᠤᠯᠠᠭᠠᠨᠰᠤᠬᠠᠢ ᠶᠢᠨ ᠨᠤᠭᠤ ᠭᠠᠵᠠᠷ ᠤᠨ ᠤᠰᠤᠨ ᠤ ᠵᠢᠭᠦᠷᠲᠡᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ | ᠪᠠᠶᠢᠭᠤᠯᠤᠭᠳᠠᠵᠤ᠂ ᠮᠠ ᠬᠠᠢ ᠮᠢᠩ ᠰᠢᠪᠠᠭᠤ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ︽ᠲᠡᠷᠡ ᠦᠶ᠎ᠡ ᠳᠤ᠂ ᠭᠤᠣᠯᠳᠠᠭᠤ | ᠵᠢᠭᠠᠰᠤᠴᠢᠳ ᠲᠤ ᠰᠢᠪᠠᠭᠤ ᠪᠠᠷᠢᠬᠤ ᠡᠰᠡᠬᠦ᠂ ᠵᠢᠭᠠᠰᠤ ᠪᠠᠷᠢᠬᠤ ᠡᠰᠡᠬᠦ ᠶᠢ ᠤᠬᠠᠭᠤᠯᠵᠤ᠂ ᠨᠠᠭᠤᠷ ᠢ ᠴᠠᠭᠳᠠᠨ ᠪᠠᠶᠢᠴᠠᠭᠠᠳᠠᠭ︾ ᠭᠡᠵᠦ ᠲᠡᠷᠡ ᠬᠡᠯᠡᠨ᠎ᠡ᠃ | 2008 ᠣᠨ ᠳᠤ ᠲᠡᠭᠦᠨ ᠤ ᠪᠠᠶᠢᠭ᠎ᠠ ᠤᠯᠠᠭᠠᠨᠰᠤᠬᠠᠢ ᠵᠢᠭᠠᠰᠤᠨ ᠲᠠᠯᠠᠪᠠᠢ ᠶᠢ ᠤᠯᠠᠭᠠᠨᠰᠤᠬᠠᠢ ᠶᠢᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠪᠣᠯᠭᠠᠨ ᠥᠭᠡᠷᠡᠴᠢᠯᠡᠪᠡ᠃ | 2014 ᠣᠨ ᠳᠤ᠂ ᠮᠠ ᠬᠠᠢ ᠮᠢᠩ ᠤᠯᠠᠭᠠᠨᠰᠤᠬᠠᠢ ᠶᠢᠨ ᠨᠤᠭᠤ ᠭᠠᠵᠠᠷ ᠤᠨ ᠤᠰᠤᠨ ᠤ ᠵᠢᠭᠦᠷᠲᠡᠨ ᠤ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠮᠢᠶᠠᠷᠤᠯᠲᠠ ᠶᠢᠨ ᠦᠷᠳᠡᠭᠡ ᠳᠤ ᠣᠷᠣᠵᠤ᠂ ᠥᠷᠲᠡᠭᠡᠨ ᠳᠠᠷᠤᠭ᠎ᠠ ᠪᠠᠷ ᠠᠵᠢᠯᠯᠠᠪᠠ᠃ ᠴᠠᠭᠳᠠᠨ ᠬᠠᠮᠠᠭᠠᠯᠠᠭᠰᠠᠨ ᠨᠢᠭᠡᠳᠦᠭᠡᠷ ᠰᠠᠷ᠎ᠠ ᠳᠤ᠂ | ᠲᠡᠷᠡ ᠤᠰᠤᠨ ᠰᠢᠪᠠᠭᠤᠨ ᠤ ᠥᠨᠳᠡᠭᠡ ᠬᠤᠯᠠᠭᠠᠶᠢᠯᠠᠭᠰᠠᠨ ᠬᠤᠯᠠᠭᠠᠶᠢᠴᠢ ᠶᠢ ᠪᠠᠷᠢᠬᠤ ᠳᠤ ᠣᠷᠣᠯᠴᠠᠪᠠ᠃ ᠥᠨᠥᠳᠦᠷ ᠮᠠ ᠬᠠᠶ ᠮᠢᠩ ᠪᠣᠯᠤᠨ ᠬᠠᠮᠲᠤ | ᠠᠵᠢᠯᠯᠠᠭᠰᠠᠳ ᠤᠨ ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠲᠤᠬᠠᠶ ᠶᠢᠨ ᠭᠠᠵᠠᠷ ᠤᠨ ᠬᠤᠯᠠᠭᠠᠶᠢᠯᠠᠨ ᠠᠩᠨᠠᠬᠤ ᠦᠵᠡᠭᠳᠡᠯ ᠣᠷᠣ ᠲᠠᠰᠤ ᠠᠷᠢᠯᠵᠠᠶ᠃ | | ᠰᠢᠷᠬᠠᠲᠤᠭᠰᠠᠨ ᠰᠢᠪᠠᠭᠤᠨ ᠤ ᠲᠥᠷᠥᠯ ᠢ ᠠᠪᠤᠷᠠᠨ ᠲᠤᠰᠠᠯᠠᠬᠤ ᠪᠣᠯ ᠬᠠᠮᠠᠭᠠᠯᠠᠯᠲᠠ ᠶᠢᠨ ᠣᠷᠣᠨ ᠤ ᠠᠵᠢᠯ ᠤᠨ ᠨᠢᠭᠡ ᠪᠣᠯᠤᠨ᠎ᠠ᠃ 2016 | ᠣᠨ ᠤ ᠡᠪᠦᠯ᠂ ᠮᠠ ᠬᠠᠢ ᠮᠢᠩ ᠰᠢᠷᠬᠠᠲᠤᠭᠰᠠᠨ 8 ᠪᠣᠷᠣ ᠭᠠᠯᠠᠭᠤ ᠶᠢ ᠠᠪᠤᠷᠠᠨ ᠲᠤᠰᠠᠯᠠᠵᠤ᠂ ᠡᠭᠦᠨ ᠳᠤ 4 ᠭᠠᠯᠠᠭᠤ ᠶᠢ ᠨᠢ ᠡᠮᠨᠡᠨ ᠵᠠᠰᠠᠵᠤ | ᠡᠳᠡᠭᠡᠷᠡᠭᠦᠯᠦᠭᠡᠳ ᠨᠢᠰᠭᠡᠨ ᠶᠠᠪᠤᠭᠤᠯᠪᠠ᠃ ᠢᠷᠡᠬᠦ ᠵᠢᠯ ᠤᠨ ᠬᠠᠪᠤᠷ ᠪᠣᠯᠬᠤ ᠳᠤ᠂ ᠡᠨᠡ 4 ᠪᠣᠷᠣ ᠭᠠᠯᠠᠭᠤ ᠬᠠᠮᠠᠭᠠᠯᠠᠯᠲᠠ ᠶᠢᠨ ᠥᠷᠲᠡᠭᠡᠨ ᠳᠤ ᠪᠤᠴᠠᠵᠤ | ᠂ 17 ᠠᠩᠭᠠᠬᠠᠶ ᠦᠷᠡᠵᠢᠵᠡᠶ᠃ | ︽ᠤᠷᠵᠢᠨᠤᠨ ᠬᠠᠮᠠᠭᠠᠯᠠᠯᠲᠠ ᠶᠢᠨ ᠣᠷᠣᠨ ᠳᠤ ᠤᠰᠤᠨ ᠰᠢᠪᠠᠭᠤ ᠶᠢ ᠠᠪᠤᠷᠠᠨ ᠲᠤᠰᠠᠯᠠᠬᠤ ᠥᠷᠲᠡᠭᠡ ᠪᠠᠶᠢᠭᠤᠯᠵᠤ᠂ ᠡᠪᠦᠯ ᠳᠡᠭᠡᠨ ᠪᠠᠰᠠ ᠬᠡᠷ | ᠳᠣᠲᠣᠷᠠᠬᠢ ᠳᠤᠯᠠᠭᠠᠨ ᠬᠠᠳᠠᠭᠠᠯᠠᠬᠤ ᠥᠷᠥᠭᠡ ᠲᠠᠢ ᠪᠣᠯᠪᠠ᠃ ᠨᠥᠬᠦᠴᠡᠯ ᠰᠠᠶᠢᠨ ᠪᠣᠯᠤᠭᠰᠠᠨ ᠠᠴᠠ ᠠᠪᠤᠷᠠᠵᠤ ᠳᠡᠶᠢᠯᠬᠦ ᠰᠢᠪᠠᠭᠤ ᠪᠠᠰᠠ ᠠᠷᠪᠢᠨ | ᠪᠣᠯᠵᠠᠶ᠃ ᠣᠳᠣ ᠪᠣᠯᠲᠠᠯ᠎ᠠ᠂ ᠮᠠ ᠬᠠᠢ ᠮᠢᠩ ᠨᠠᠷ ᠤᠨ ᠠᠪᠤᠷᠠᠨ ᠲᠤᠰᠠᠯᠠᠭᠰᠠᠨ ᠤᠰᠤᠨ ᠤ ᠰᠢᠪᠠᠭᠤ ᠨᠢᠭᠡᠨᠲᠡ ᠲᠦᠮᠡ ᠶᠢ ᠳᠠᠪᠠᠪᠠ᠃ ᠡᠭᠦᠨ ᠤ ᠬᠠᠮᠲᠤ᠂ | ᠲᠤᠬᠠᠶ ᠶᠢᠨ ᠭᠠᠵᠠᠷ ᠤᠨ ᠣᠯᠠᠨ ᠵᠢᠯ ᠤᠨ ᠬᠠᠮᠠᠭᠠᠯᠠᠯᠲᠠ ᠪᠠ ᠰᠡᠷᠭᠦᠭᠡᠯᠲᠡ ᠪᠠᠷ ᠳᠡᠮᠵᠢᠨ᠂ ᠤᠯᠠᠭᠠᠨᠰᠤᠬᠠᠢ ᠶᠢᠨ ᠰᠠᠪᠠ ᠭᠠᠵᠠᠷ ᠤᠨ ᠤᠰᠤᠨ ᠤ ᠠᠮᠢ | ᠠᠬᠤᠶ ᠶᠢᠨ ᠣᠷᠴᠢᠨ ᠲᠣᠭᠤᠷᠢᠨ ᠲᠣᠭᠲᠠᠭᠤᠨ ᠤ ᠳᠤᠮᠳᠠ ᠰᠠᠶᠢᠵᠢᠷᠠᠪᠠ᠃ ᠤᠰᠤᠨ ᠤ ᠴᠢᠨᠠᠷ ᠰᠠᠶᠢᠨ ᠪᠣᠯᠤᠭᠰᠠᠨ ᠠᠴᠠ᠂ ᠤᠯᠠᠭᠠᠨᠰᠤᠬᠠᠢ ᠨᠠᠭᠤᠷ ᠲᠤ | ᠪᠤᠴᠠᠬᠤ ᠤᠰᠤᠨ ᠤ ᠰᠢᠪᠠᠭᠤ ᠴᠤ ᠶᠠᠪᠤᠬᠤ ᠲᠤᠲᠤᠮ ᠣᠯᠠᠰᠢᠷᠠᠵᠤ ᠪᠣᠶ᠂ ᠣᠲᠣ ᠰᠢᠪᠠᠭᠤᠨ ᠤ ᠲᠥᠷᠥᠯ 260 ᠭᠠᠷᠤᠶ ᠵᠦᠢᠯ ᠪᠣᠶ᠃ ︽ᠨᠠᠭᠤᠷ ᠤᠨ | ᠬᠥᠪᠡᠭᠡᠨ ᠳᠤ ᠬᠠᠯᠠᠭᠤᠨ ᠷᠠᠰᠢᠶᠠᠨ ᠪᠠᠶᠢᠬᠤ ᠤᠴᠢᠷ ᠠᠴᠠ ᠣᠲᠣ ᠬᠡᠳᠦᠨ ᠲᠦᠮᠡᠨ ᠤᠯᠠᠭᠠᠨ ᠣᠯᠣᠰᠣ ᠨᠤᠭᠤᠰᠤ ᠡᠪᠦᠯᠵᠢᠵᠦ ᠪᠠᠶᠢᠨ᠎ᠠ 》 ᠭᠡᠵᠦ ᠮᠠ | ᠬᠠᠢ ᠮᠢᠩ ᠰᠤᠷᠪᠤᠯᠵᠢᠯᠠᠭᠴᠢ ᠳᠤ ᠬᠡᠯᠡᠪᠡ᠃ | ᠣᠳᠣᠬᠠᠨ ᠳᠤ᠂ ᠥᠷᠲᠡᠭᠡᠨ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠭᠰᠠᠨ ᠮᠠ ᠬᠠᠶ ᠮᠢᠩ ᠤᠯᠠᠭᠠᠨᠰᠤᠬᠠᠢ ᠠᠵᠤ ᠦᠢᠯᠡᠰ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ ᠠᠵᠢᠯᠴᠢᠨ ᠤ ᠡᠪᠯᠡᠯ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠨ᠂ ᠦᠷᠭᠦᠯᠵᠢᠯᠡᠨ | ᠰᠢᠪᠠᠭᠤᠨ ᠤ ᠲᠥᠷᠥᠯ ᠢ ᠬᠠᠮᠠᠭᠠᠯᠠᠬᠤ ︽ ᠤᠤᠯ ᠠᠵᠢᠯ︾ ᠢᠶᠠᠨ ᠬᠢᠵᠤ᠂ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠥᠷᠲᠡᠭᠡ ᠲᠠᠢ | ᠵᠣᠯᠭᠠᠭᠤᠯᠤᠨ ᠠᠵᠢᠯᠯᠠᠵᠤ ᠪᠠᠶᠢᠨ᠎ᠠ᠃ ᠥᠨᠥᠳᠦᠷ᠂ ᠲᠡᠷᠡ ᠪᠠᠰᠠ ᠤᠷᠤᠰᠬᠠᠯ ᠢ ᠰᠠᠯᠤᠯ ᠥᠬᠡᠶ ᠳᠠᠭᠠᠵᠤ᠂ ᠲᠣᠭᠤᠷᠢᠨ ᠬᠠᠮᠠᠭᠠᠯᠠᠵᠤ ᠰᠡᠭᠦᠳᠡᠷᠯᠡᠭᠰᠡᠨ | ᠤᠰᠤᠨ ᠰᠢᠪᠠᠭᠤᠨ ᠤ ᠬᠡᠷᠡᠯ ᠵᠢᠷᠤᠭ ᠪᠣᠯᠤᠨ ᠸᠢᠳᠢᠣ᠋ ᠶᠢ ᠣᠬᠤᠷ ᠸᠢᠳᠢᠣ᠋ ᠶᠢᠨ ᠲᠠᠪᠴᠠᠩ ᠳᠤ ᠳᠠᠮᠵᠢᠭᠤᠯᠪᠠ᠃ ︽ᠪᠢ ᠤᠯᠠᠭᠠᠨᠰᠤᠬᠠᠢ ᠨᠠᠭᠤᠷ ᠲᠤ | ᠳᠦᠷᠦᠵᠦ᠂ ᠤᠯᠠᠭᠠᠨᠰᠤᠬᠠᠢ ᠨᠠᠭᠤᠷ ᠲᠤ ᠥᠰᠴᠡᠢ᠃ ᠪᠢ ᠠᠳᠡᠬᠢ ᠤᠰᠤᠨ ᠣᠷᠣᠨ ᠪᠣᠯᠭᠠᠨ᠂ ᠤᠰᠤᠨ ᠰᠢᠪᠠᠭᠤ ᠪᠣᠯᠭᠠᠨ ᠢ ᠬᠠᠶᠢᠷᠠᠯᠠᠨ᠎ᠠ᠃ ᠪᠢᠳᠡᠨ ᠤ | ᠬᠠᠮᠲᠤ ᠶᠢᠨ ᠰᠠᠬᠢᠨ ᠬᠠᠮᠠᠭᠠᠯᠠᠯᠲᠠ ᠠᠴᠠ ᠨᠠᠩ ᠣᠯᠠᠨ ᠤᠰᠤᠨ ᠰᠢᠪᠠᠭᠤ ᠶᠢ ᠤᠯᠠᠭᠠᠨᠰᠤᠬᠠᠢ ᠨᠠᠭᠤᠷ ᠲᠤ ᠢᠷᠡᠭᠦᠯᠬᠦ ᠶᠢ ᠬᠦᠰᠡᠵᠦ ᠪᠠᠶᠢᠨ᠎ᠠ》 ᠭᠡᠵᠦ | ᠮᠠ ᠬᠠᠢ ᠮᠢᠩ ᠬᠡᠯᠡᠨ᠎ᠡ᠃ ᠡᠨᠡ ᠪᠣᠯ ᠳᠠᠷᠤᠢ ᠲᠡᠭᠦᠨ ᠤ ᠨᠡᠩ ᠦᠵᠡᠰᠭᠦᠯᠡᠩᠲᠦ ᠤᠯᠠᠭᠠᠨᠰᠤᠬᠠᠢ ᠶᠢ ᠪᠠᠶᠢᠭᠤᠯᠬᠤ ᠶᠢᠨ ᠲᠥᠯᠥᠭᠡ ᠤᠯᠠᠨ ᠵᠢᠯ ᠤᠨ | ᠲᠤᠷᠰᠢ ᠪᠠᠲᠤ ᠰᠠᠬᠢᠭᠰᠠᠨ ᠤ ᠠᠴᠢ ᠬᠤᠯᠪᠣᠭᠳᠠᠯ ᠪᠣᠯᠤᠨ᠎ᠠ᠃ |